ᠤᠳᠤ ᠶᠢᠨ ᠪᠠᠢ᠌ᠷᠢ᠄ ᠴᠢᠬᠤᠯᠠ ᠮᠡᠳᠡᠭᠡ → ᠡᠦ ᠴᠢᠩ ᠬᠠᠢ ᠦᠨᠳ᠋ᠦᠰᠦᠨ ᠱᠠᠳ᠋ᠤᠨ ᠳᠤ ᠭᠦᠨᠵᠡᠭᠡᠢ᠌ᠷᠡᠨ᠁
ᠡᠦ ᠴᠢᠩ ᠬᠠᠢ ᠦᠨᠳ᠋ᠦᠰᠦᠨ ᠱᠠᠳ᠋ᠤᠨ ᠳᠤ ᠭᠦᠨᠵᠡᠭᠡᠢ᠌ᠷᠡᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠢ ᠬᠢᠨᠠᠨ ᠵᠢᠯᠤᠭᠤᠳᠪᠠ

        9 ᠰᠠᠷ᠎ᠠ ᠶᠢᠨ 18 ᠤ ᠡᠳ᠋ᠦᠷ ᠡᠴᠡ 22 ᠤ ᠡᠳ᠋ᠦᠷ ᠪᠤᠯᠳ᠋ᠠᠯ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠤᠷᠢᠳ ᠬᠤᠵᠢᠳ ᠦᠨᠡᠭᠡᠴᠢ ᠰᠤᠮᠤ᠂ ᠭᠠᠬᠠᠢ᠌ᠳ᠋ᠤ ᠪᠠᠯᠭᠠᠰᠤ᠂ ᠴᠢᠨᠳ᠋ᠠᠮᠤᠨᠢ ᠰᠤᠮᠤ᠂ ᠬᠤᠩᠬᠠᠳ᠋ᠤ ᠠᠭᠤᠯᠠ ᠪᠠᠯᠭᠠᠰᠤ᠂ ᠦᠯᠵᠡᠢ᠌ᠮᠦ᠋ᠷᠡᠨ ᠰᠤᠮᠤ᠂ ᠴᠢᠪᠠᠭᠠᠳ᠋ᠤ ᠰᠤᠮᠤ ᠵᠡᠷᠭᠡ ᠭᠠᠵᠠᠷ ᠲᠤ ᠬᠦᠷᠴᠦ᠂ ᠲᠤᠬᠠᠢ ᠶᠢᠨ ᠲᠠᠯᠠᠪᠤᠷ ᠲᠤᠨᠢ ᠦᠵᠡᠬᠦ᠂ ᠮᠠᠲ᠋ᠸᠷᠢᠶᠠᠯ ᠢ ᠪᠠᠢ᠌ᠴᠠᠭᠠᠬᠤ ᠪᠠ ᠰᠠᠭᠤᠳ᠋ᠠᠯ ᠤᠨ ᠬᠤᠷᠠᠯ ᠬᠤᠷᠠᠯᠳ᠋ᠤᠭᠤᠯᠵᠤ ᠶᠠᠷᠢᠯᠴᠠᠬᠤ ᠵᠡᠷᠭᠡ ᠬᠡᠯᠪᠡᠷᠢ ᠪᠠᠷ ᠲᠠᠮᠵᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠦᠷᠨᠢᠭᠦᠯᠦᠭ᠍ᠰᠡᠨ ᠪᠠᠢ᠌ᠳ᠋ᠠᠯ ᠢ ᠬᠢᠨᠠᠨ ᠪᠠᠢ᠌ᠴᠠᠭᠠᠵᠤ ᠵᠢᠯᠤᠭᠤᠳᠪᠠ᠃ 

       
             ᠡᠦ ᠴᠢᠩ ᠬᠠᠢ ᠬᠤᠰᠢᠭᠤ ᠰᠤᠮᠤ ᠪᠠᠯᠭᠠᠰᠤ ᠬᠤᠶᠠᠷ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠤᠨ ᠪᠠᠢ᠌ᠳ᠋ᠠᠯ ᠤᠨ ᠬᠠᠷᠢᠭᠤ ᠮᠡᠳ᠋ᠡᠭᠦᠯᠦᠯᠳ᠋ᠡ ᠶᠢ ᠨᠠᠷᠢᠨ ᠬᠢᠨᠠᠮᠠᠭᠠᠢ ᠰᠤᠨᠤᠰᠴᠦ᠂ ᠡᠯ᠎ᠠ ᠭᠠᠵᠠᠷ ᠤᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠶᠠᠪᠤᠴᠠ ᠳᠤ ᠵᠤᠬᠢᠶᠠᠨ ᠪᠠᠢ᠌ᠭᠤᠯᠵᠤ ᠤᠳ᠋ᠤᠷᠢᠳ᠋ᠤᠭᠰᠠ᠂ ᠤᠬᠠᠭᠤᠯᠵᠤ ᠲᠠᠢ᠌ᠴᠢᠯᠠᠭᠰᠠᠨ᠂ ᠰᠤᠩᠭ᠋ᠤᠭᠤᠯᠢ ᠶᠢᠨ ᠲᠤᠭᠤᠷᠢᠭ ᠬᠤᠪᠢᠶᠠᠭᠰᠠᠨ᠂ ᠰᠤᠩᠭ᠋ᠤᠭᠤᠯᠢ ᠶᠢᠨ ᠠᠷᠠᠳ ᠢ ᠲᠠᠩᠰᠠᠯᠠᠭᠰᠠᠨ᠂ ᠪᠦᠳ᠋ᠦᠴᠡ ᠶᠢᠨ ᠬᠠᠷᠢᠴᠡᠯ ᠵᠢᠴᠢ ᠤᠷᠤᠨ ᠲᠤᠭ᠎ᠠ ᠶᠢ  ᠬᠤᠪᠢᠶᠠᠷᠢᠯᠠᠭᠰᠠᠨ ᠵᠡᠷᠭᠡ ᠪᠠᠢ᠌ᠳ᠋ᠠᠯ ᠢ ᠪᠦᠬᠦ ᠲᠠᠯ᠎ᠠ ᠪᠠᠷ ᠤᠢ᠌ᠯᠠᠭᠠᠬᠤ ᠶᠢᠨ ᠬᠠᠮᠳ᠋ᠤ ᠤᠳ᠋ᠤᠬᠠᠨ ᠤ ᠠᠵᠢᠯ ᠤᠨ ᠲᠤᠮᠳ᠋ᠠ ᠲᠤᠯᠭᠠᠷᠠᠭᠰᠠᠨ ᠠᠰᠠᠭᠤᠳ᠋ᠠᠯ ᠢ ᠲᠤᠬᠠᠢ ᠶᠢᠨ ᠭᠠᠵᠠᠷ ᠲᠤᠨᠢ ᠵᠢᠭᠠᠨ ᠵᠢᠯᠤᠭᠤᠳᠪᠠ᠃

         
             ᠡᠦ ᠴᠢᠩ ᠬᠠᠢ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠦ᠋ᠯᠦᠭᠡᠯᠡᠭ᠍ᠴᠢ ᠶᠢᠨ ᠶᠠᠰᠦ ᠴᠢᠨᠠᠷ ᠤᠨ ᠪᠤᠭᠤᠮᠳ᠋ᠠ ᠪᠤᠯᠤᠨ ᠰᠤᠩᠭ᠋ᠤᠨ ᠠᠪᠬᠤ ᠪᠤᠭᠤᠮᠳ᠋ᠠ ᠶᠢ ᠴᠢᠩᠭ᠎ᠠ ᠠᠳᠬᠤᠨ᠂ ᠡᠯ᠎ᠠ ᠭᠠᠵᠠᠷ ᠤᠨ ᠬᠢᠨ ᠲᠠᠷᠤᠢ ᠲᠦ᠋ᠷᠭᠡᠨ ᠭᠠᠷᠳ᠋ᠠᠨ ᠰᠤᠳ᠋ᠤᠯᠵᠤ᠂ ᠡᠷᠳ᠋ᠡᠬᠡᠨ ᠪᠤᠳ᠋ᠤᠯᠬᠢᠯᠠᠨ᠂ ᠲᠦ᠋ᠯᠦᠭᠡᠯᠡᠭ᠍ᠴᠢ ᠶᠢᠨ ᠵᠢᠱᠢᠭ᠍ᠳ᠋ᠡᠭ᠍ᠴᠢ ᠶᠢᠨ ᠤᠯᠤᠰ ᠲᠦ᠋ᠷᠦ ᠶᠢᠨ ᠬᠡᠪ ᠴᠢᠨᠠᠷ᠂ ᠦᠵᠡᠯ ᠰᠠᠨᠠᠭ᠎ᠠ ᠬᠡᠪ ᠰᠤᠷᠳ᠋ᠠᠯ᠂ ᠠᠷᠢᠭᠤᠨ ᠴᠢᠭᠡᠴᠢ ᠪᠠᠷ ᠪᠡᠶ᠎ᠠ ᠪᠠᠨ ᠪᠠᠷᠢᠬᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳ᠋ᠠᠪᠤᠷᠢ᠂ ᠤᠯᠠᠨ ᠲᠦ᠋ᠮᠡᠨ ᠤ ᠰᠠᠭᠤᠷᠢ᠂ ᠰᠠᠬᠢᠯᠭ᠎ᠠ ᠪᠠᠳ᠋ᠤ ᠬᠠᠦᠯᠢ ᠴᠠᠭᠠᠵᠠ ᠶᠢ ᠵᠢᠷᠤᠮᠯᠠᠬᠤ᠂ ᠨᠡᠢ᠌ᠭᠡᠮ ᠤᠨ ᠲᠦ᠋ᠷᠢ ᠲᠦ᠋ᠷᠬᠦ ᠵᠡᠷᠭᠡ ᠲᠠᠯ᠎ᠠ ᠳᠤ ᠶᠡᠷᠦᠩᠬᠡᠢ᠌ᠯᠡᠭ᠍ᠰᠡᠨ ᠪᠦᠬᠦ ᠲᠠᠯ᠎ᠠ ᠶᠢᠨ ᠬᠢᠨᠠᠨ ᠪᠠᠢ᠌ᠴᠠᠭᠠᠯᠳ᠋ᠠ ᠬᠢᠵᠦ᠂ ᠰᠠᠢ᠌ᠨ ᠤ ᠲᠤᠳ᠋ᠤᠷ᠎ᠠ ᠡᠴᠡ ᠰᠢᠯᠢᠳ᠋ᠡᠭ᠌ ᠢ ᠨᠢ ᠰᠤᠩᠭ᠋ᠤᠨ᠂ ᠲᠡᠷᠢᠭᠦᠨ ᠤ ᠴᠢᠨᠠᠷᠳ᠋ᠠᠢ᠂ ᠦᠷᠭᠡᠨ ᠲᠡᠯᠭᠡᠷ ᠴᠢᠨᠠᠷᠳ᠋ᠠᠢ᠂ ᠲᠦ᠋ᠯᠦᠭᠡᠯᠡᠬᠦ ᠴᠢᠨᠠᠷᠳ᠋ᠠᠢ ᠬᠦᠮᠦᠨ ᠢ ᠠᠷᠠᠳ ᠤᠨ ᠲᠦ᠋ᠯᠦᠭᠡᠯᠡᠭ᠍ᠴᠢ ᠶᠢᠨ ᠡᠩᠨᠡᠭᠡ ᠳᠤ ᠰᠤᠩᠭ᠋ᠤᠨ ᠤᠷᠤᠭᠤᠯᠬᠤ ᠶᠢ  ᠪᠠᠳ᠋ᠤᠯᠠᠬᠤ ᠬᠡᠷᠡᠭ᠍ᠳ᠋ᠠᠢ᠃ LED ᠲᠡᠯᠭᠡᠴᠡ᠂ ᠤᠬᠠᠭᠤᠯᠭ᠎ᠠ ᠶᠢᠨ ᠬᠦᠨᠳ᠋ᠡᠯᠡᠨ ᠪᠢᠴᠢᠭᠡᠰᠦ᠂ ᠤᠬᠠᠭᠤᠯᠭ᠎ᠠ ᠶᠢᠨ ᠪᠤᠯᠤᠩ ᠵᠡᠷᠭᠡ ᠵᠠᠭᠤᠴᠢ ᠶᠢ ᠭᠦᠢᠴᠡᠳ ᠠᠰᠢᠭᠯᠠᠨ᠂ ᠬᠤᠰᠢᠭᠤ ᠰᠤᠮᠤ ᠪᠠᠯᠭᠠᠰᠤ ᠬᠤᠶᠠᠷ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠴᠢᠬᠤᠯᠠ ᠠᠴᠢ ᠬᠤᠯᠪᠤᠭᠳ᠋ᠠᠯ ᠪᠠ ᠠᠵᠢᠯ ᠤᠨ ᠠᠯᠬᠤᠮ ᠲᠠᠷᠠᠭ᠎ᠠ ᠶᠢ ᠭᠦᠨᠵᠡᠭᠡᠢ ᠤᠬᠠᠭᠤᠯᠤᠨ᠂ ᠤᠯᠠᠨ ᠢ ᠬᠦᠳ᠋ᠦᠯᠦᠨ ᠵᠢᠯᠤᠭᠤᠳᠴᠦ ᠪᠠᠢ᠌ᠭᠠᠳ ᠬᠠᠦᠯᠢ ᠶᠤᠰᠤᠭᠠᠷ ᠰᠤᠩᠭ᠋ᠤᠭᠤᠯᠢ ᠳᠤ ᠢᠳ᠋ᠡᠪᠬᠢᠳ᠋ᠠᠢ ᠤᠷᠤᠯᠴᠠᠭᠤᠯᠵᠤ᠂ ᠰᠤᠩᠭ᠋ᠤᠭᠤᠯᠢ ᠶᠢᠨ ᠠᠷᠠᠳ ᠤᠨ ᠬᠠᠷᠢᠭᠤᠴᠠᠯᠭᠠᠳ᠋ᠤ ᠰᠡᠳᠭᠢᠯᠭᠡ᠂ ᠤᠷᠤᠯᠴᠠᠬᠤ ᠬᠡᠮᠵᠢᠶ᠎ᠠ ᠪᠠ ᠠᠷᠠᠳᠴᠢᠯᠡᠯ ᠤᠨ ᠤᠬᠠᠮᠰᠡᠷ ᠢ ᠨᠢ ᠨᠡᠮᠡᠭ᠍ᠳ᠋ᠡᠭᠦᠯᠦᠨ᠂ ᠬᠤᠭᠤᠴᠠᠭ᠎ᠠ ᠰᠤᠯᠢᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠬᠤ ᠶᠢᠨ ᠬᠠᠮᠳ᠋ᠤ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠰᠤᠷᠠᠭ ᠵᠠᠩᠭᠢ ᠶᠢ ᠲᠡᠭᠡᠭ᠍ᠰᠢ ᠲᠤᠷᠤᠭᠰᠢ ᠲᠠᠮᠵᠢᠭᠤᠯᠬᠤ ᠶᠢ ᠴᠢᠩᠭ᠋ᠠᠳᠬᠠᠨ᠂ ᠠᠵᠢᠯ ᠤᠨ ᠲᠤᠮᠳ᠋ᠠ ᠲᠤᠯᠭᠠᠷᠠᠭᠰᠠᠨ ᠬᠦᠴᠢᠷ ᠠᠰᠠᠭᠤᠳ᠋ᠠᠯ ᠳᠤ ᠴᠢᠭᠯᠡᠬᠦᠯᠵᠦ᠂ ᠲᠡᠷᠡ ᠲᠠᠷᠤᠢ ᠳ᠋ᠤᠨᠢ ᠬᠤᠰᠢᠭᠤᠨ ᠤ ᠰᠤᠩᠭ᠋ᠤᠭᠤᠯᠢ ᠶᠢᠨ ᠵᠦ᠋ᠪᠯᠡᠯ ᠪᠠ ᠬᠢᠨᠠᠨ ᠵᠢᠯᠤᠭᠤᠳᠬᠤ ᠲᠤᠭᠤᠢ᠌ᠯᠠᠩ ᠲᠡᠶ ᠬᠠᠷᠢᠯᠴᠡᠨ᠂ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠶᠠᠪᠤᠴᠠ ᠶᠢᠨ ᠬᠠᠦᠯᠢ ᠲᠦ᠋ᠷᠢᠮ ᠳᠤ ᠨᠡᠢ᠌ᠴᠡᠬᠦ ᠶᠢ ᠪᠠᠳ᠋ᠤᠯᠠᠬᠤ ᠬᠡᠷᠡᠭ᠍ᠳ᠋ᠠᠢ ᠭᠡᠵᠦ ᠴᠢᠩᠭ᠋ᠠᠳᠬᠠᠪᠠ᠃ (ᠯᠸᠢ ᠫᠠᠩ)

ᠡᠮᠦᠨᠡᠬᠢ᠄ ᠬᠤᠤᠯᠢᠩᠭ᠋ᠤᠤᠯ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠮᠠᠨ ᠤ ᠬᠤᠰᠢᠭᠤᠨ ᠳᠤ ᠢᠷᠡᠵᠦ ᠦᠨᠳ᠋ᠦᠰᠦᠳ᠋ᠡᠨ ᠤ ᠪᠦᠯᠭᠦᠮᠳ᠋ᠡᠯ ᠲᠠᠪᠰᠢᠯᠳ᠋ᠡ ᠶᠢᠨ ᠠᠵᠢᠯ ᠢ ᠰᠢᠨᠵᠢᠯᠡᠨ ᠪᠠᠢ᠌ᠴᠠᠭᠠᠪᠠ
ᠳᠠᠷᠠᠭᠠᠬᠢ᠄ ᠡᠦ ᠴᠢᠩ ᠬᠠᠢ ᠦᠨᠳ᠋ᠦᠰᠦᠨ ᠱᠠᠳ᠋ᠤᠨ ᠳᠤ ᠬᠦᠷᠴᠦ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠢ ᠬᠢᠨᠠᠨ ᠵᠢᠯᠤᠭᠤᠳᠪᠠ