ᠰᠢᠶᠠᠩᠱᠠᠨ ᠪᠠᠯᠭᠠᠰᠤᠨ ᠤ ᠠᠷᠪᠠᠨ ᠲᠦ᠋ᠷᠪᠡᠳ᠋ᠦᠭᠡᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠤᠯᠤᠳ᠋ᠤᠭᠠᠷ ᠣᠳ᠋ᠠᠭᠠᠨ ᠤ ᠬᠤᠷᠠᠯ ᠠᠮᠵᠢᠯᠳ᠋ᠠ ᠲᠡᠶ ᠬᠤᠷᠠᠯᠳ᠋ᠤᠪᠠ


9 ᠰᠠᠷ᠎ᠠ ᠶᠢᠨ 9 ᠤ ᠡᠳ᠋ᠦᠷ ᠡᠴᠡ 10 ᠤ ᠡᠳ᠋ᠦᠷ ᠪᠤᠯᠳ᠋ᠠᠯ᠎ᠠ᠂ ᠵᠠᠷᠤᠳ ᠬᠤᠰᠢᠭᠤᠨ ᠤ ᠰᠢᠶᠠᠩᠱᠠᠨ ᠪᠠᠯᠭᠠᠰᠤᠨ ᠤ ᠠᠷᠪᠠᠨ ᠲᠦ᠋ᠷᠪᠡᠳ᠋ᠦᠭᠡᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠤᠯᠤᠳ᠋ᠤᠭᠠᠷ ᠣᠳ᠋ᠠᠭᠠᠨ ᠤ ᠬᠤᠷᠠᠯ ᠠᠮᠵᠢᠯᠳ᠋ᠠ ᠲᠡᠶ ᠬᠤᠷᠠᠯᠳ᠋ᠤᠵᠤ᠂ ᠶᠡᠬᠡ ᠬᠤᠷᠠᠯ ᠳᠤ ᠪᠤᠳ᠋ᠠᠳ᠋ᠠᠢ ᠤᠷᠤᠯᠴᠠᠭᠰᠠᠨ ᠲᠦ᠋ᠯᠦᠭᠡᠯᠡᠭ᠍ᠴᠢ 36 ᠨᠡᠷᠡᠰ ᠪᠠᠢ᠌ᠵᠤ᠂ ᠬᠠᠦᠯᠢ ᠳᠤ ᠲᠤᠭᠳ᠋ᠠᠭᠰᠠᠨ ᠬᠦᠮᠦᠨ ᠤ ᠲᠤᠭᠠᠨ ᠳᠤ ᠨᠡᠢ᠌ᠴᠡᠪᠡ᠃

ᠬᠤᠷᠠᠯ ᠡᠴᠡ ᠡᠮᠦᠨ᠎ᠠ᠂ ᠰᠢᠶᠠᠩᠱᠠᠨ ᠪᠠᠯᠭᠠᠰᠤᠨ ᠤ ᠬᠢᠨ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠲᠡᠳ᠋ ᠵᠠᠬᠢᠷᠤᠯ ᠭᠦᠸᠸ ᠰᠢᠶᠤᠤ ᠴᠢᠶᠠᠨ ᠢ ᠤᠷᠢᠵᠤ ᠪᠦᠬᠦ ᠲᠦ᠋ᠯᠦᠭᠡᠯᠡᠭ᠍ᠴᠢᠳ ᠲᠤ ᠲᠤᠮᠳ᠋ᠠᠳ᠋ᠤ ᠶᠢᠨ ᠦᠨᠳ᠋ᠦᠰᠦᠳ᠋ᠡᠨ ᠤ ᠬᠠᠮᠳ᠋ᠤ ᠴᠤᠭᠴᠠ ᠶᠢᠨ ᠤᠬᠠᠮᠰᠡᠷ ᠢ ᠪᠠᠳ᠋ᠤ ᠴᠤᠭᠴᠠᠯᠠᠬᠤ ᠲᠤᠰᠬᠠᠢ ᠰᠡᠳ᠋ᠦᠪᠳ᠋ᠦ ᠲᠠᠢ᠌ᠯᠤᠮᠵᠢ ᠬᠢᠪᠡ᠃ ᠭᠦᠸᠸ ᠰᠢᠶᠤᠤ ᠴᠢᠶᠠᠨ ᠡᠴᠡ ᠠᠮᠢᠳ᠋ᠤᠯᠢᠭ ᠪᠦᠭᠡᠳ ᠭᠦᠨᠵᠡᠭᠡᠢ ᠲᠠᠢ᠌ᠯᠤᠮᠵᠢ ᠬᠢᠬᠦ ᠪᠠᠷ ᠲᠠᠮᠵᠢᠭᠤᠯᠤᠨ᠂ ᠬᠤᠷᠠᠯ ᠳᠤ ᠤᠷᠤᠯᠴᠠᠭᠰᠠᠳ ᠤᠨ ᠲᠤᠮᠳ᠋ᠠᠳ᠋ᠤ ᠶᠢᠨ ᠦᠨᠳ᠋ᠦᠰᠦᠳ᠋ᠡᠨ ᠤ ᠬᠠᠮᠳ᠋ᠤ ᠴᠤᠭᠴᠠ ᠶᠢᠨ ᠤᠬᠠᠮᠰᠡᠷ ᠢ ᠤᠯᠠᠮ ᠨᠢᠭᠡ ᠠᠯᠬᠤᠮ ᠪᠠᠳ᠋ᠤ ᠴᠤᠭᠴᠠᠯᠠᠵᠤ᠂ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢᠨ ᠦᠵᠡᠯ ᠰᠠᠨᠠᠭ᠎ᠠ ᠶᠢ ᠴᠢᠩᠭ᠋ᠠᠳᠬᠠᠪᠠ᠃


ᠬᠤᠷᠠᠯ ᠡᠴᠡ ᠰᠢᠶᠠᠩᠱᠠᠨ ᠪᠠᠯᠭᠠᠰᠤᠨ ᠤ《ᠵᠠᠰᠠᠭ ᠤᠨ ᠤᠷᠳ᠋ᠤᠨ ᠤ ᠠᠵᠢᠯ ᠤᠨ ᠢᠯᠡᠳᠭᠡᠯ》ᠪᠤᠯᠤᠨ《ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠤᠨ ᠮᠡᠳ᠋ᠡᠭᠦᠯᠦᠯᠳ᠋ᠡ》ᠵᠢᠴᠢ ᠬᠠᠮᠢᠶ᠎ᠠ ᠪᠦᠬᠦᠢ ᠰᠢ᠌ᠳᠪᠦᠷᠢ ᠶᠢ ᠰᠤᠨᠤᠰᠴᠦ ᠪᠠᠳ᠋ᠤᠯᠠᠪᠠ᠃

《ᠰᠤᠩᠭ᠋ᠤᠭᠤᠯᠢ ᠶᠢᠨ ᠬᠠᠦᠯᠢ》ᠵᠢᠨ ᠬᠠᠮᠢᠶ᠎ᠠ ᠪᠦᠬᠦᠢ ᠲᠤᠭᠳ᠋ᠠᠭᠠᠯ ᠶᠤᠰᠤᠭᠠᠷ᠂ ᠨᠡᠷ᠎ᠠ ᠲᠡᠮᠳ᠋ᠡᠭᠯᠡᠬᠦ ᠦᠭᠡᠶ ᠪᠢᠯᠸᠲ ᠦᠭᠬᠦ ᠠᠷᠭ᠎ᠠ ᠪᠠᠷ ᠭᠦᠸᠸ ᠶᠦ᠋ᠩ ᠨᠦ᠋ᠬᠦᠷ ᠢ ᠰᠢᠶᠠᠩᠱᠠᠨ ᠪᠠᠯᠭᠠᠰᠤᠨ ᠤ ᠠᠷᠠᠳ ᠤᠨ ᠵᠠᠰᠠᠭ ᠤᠨ ᠤᠷᠳ᠋ᠤᠨ ᠤ ᠪᠠᠯᠭᠠᠰᠤᠨ ᠲᠠᠷᠤᠭ᠎ᠠ ᠪᠠᠷ ᠰᠤᠩᠭ᠋ᠤᠨ ᠭᠠᠷᠭᠠᠵᠤ᠂ ᠵᠠᠩ ᠵᠸᠨ ᠮᠢᠩ ᠨᠦ᠋ᠬᠦᠷ ᠢ ᠰᠢᠶᠠᠩᠱᠠᠨ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢ ᠶᠢᠡᠷ ᠰᠤᠩᠭ᠋ᠤᠨ᠂ ᠵᠤ ᠶᠢᠩ ᠨᠦ᠋ᠬᠦᠷ ᠢ ᠰᠢᠶᠠᠩᠱᠠᠨ ᠪᠠᠯᠭᠠᠰᠤᠨ ᠤ ᠲᠡᠳ᠋ ᠪᠠᠯᠭᠠᠰᠤᠨ ᠲᠠᠷᠤᠭ᠎ᠠ ᠪᠠᠷ ᠰᠤᠩᠭ᠋ᠤᠨ ᠭᠠᠷᠭᠠᠵᠤ᠂ ᠰᠢᠨ᠎ᠠ ᠪᠠᠷ ᠰᠤᠩᠭ᠋ᠤᠭᠳ᠋ᠠᠭᠰᠠᠨ 3 ᠨᠦ᠋ᠬᠦᠷ ᠲᠦ᠋ᠪ ᠴᠢᠩᠭ᠎ᠠ ᠪᠠᠷ ᠦᠨᠳ᠋ᠦᠰᠦᠨ ᠬᠠᠦᠯᠢ ᠳᠤ ᠲᠠᠩᠭ᠋ᠠᠷᠢᠭᠯᠠᠭᠰᠠᠨ ᠪᠦᠭᠡᠳ ᠲᠤᠰᠢᠶᠠᠯ ᠳᠤ ᠭᠠᠷᠬᠤ ᠶᠠᠷᠢᠶ᠎ᠠ ᠬᠢᠪᠡ᠃ (ᠯᠸᠢ ᠫᠠᠩ)