ᠤᠳᠤ ᠶᠢᠨ ᠪᠠᠢ᠌ᠷᠢ᠄ ᠴᠢᠬᠤᠯᠠ ᠮᠡᠳᠡᠭᠡ → ᠡᠦ ᠴᠢᠩ ᠬᠠᠢ ᠦᠨᠳ᠋ᠦᠰᠦᠨ ᠱᠠᠳ᠋ᠤᠨ ᠳᠤ ᠬᠦᠷᠴᠦ᠁
ᠡᠦ ᠴᠢᠩ ᠬᠠᠢ ᠦᠨᠳ᠋ᠦᠰᠦᠨ ᠱᠠᠳ᠋ᠤᠨ ᠳᠤ ᠬᠦᠷᠴᠦ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠢ ᠬᠢᠨᠠᠨ ᠵᠢᠯᠤᠭᠤᠳᠪᠠ

       9 ᠰᠠᠷ᠎ᠠ ᠶᠢᠨ 24 ᠤ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠤᠷᠢᠳ ᠬᠤᠵᠢᠳ ᠰᠢᠶᠠᠩᠱᠠᠨ ᠪᠠᠯᠭᠠᠰᠤ᠂ ᠪᠠᠶᠠᠨᠳ᠋ᠠᠯ᠎ᠠ ᠰᠤᠮᠤ᠂ ᠵᠢᠷᠦᠬᠡ ᠪᠠᠯᠭᠠᠰᠤᠨ ᠳᠤ ᠬᠦᠷᠴᠦ᠂ ᠬᠤᠰᠢᠭᠤ᠂ ᠰᠤᠮᠤ ᠪᠠᠯᠭᠠᠰᠤ ᠬᠤᠶᠠᠷ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ  ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠢ ᠬᠢᠨᠠᠨ ᠪᠠᠢ᠌ᠴᠠᠭᠠᠵᠤ ᠵᠢᠯᠤᠭᠤᠳᠪᠠ᠃ ᠰᠠᠭᠤᠳ᠋ᠠᠯ ᠤᠨ ᠬᠤᠷᠠᠯ ᠬᠤᠷᠠᠯᠳ᠋ᠤᠭᠤᠯᠬᠤ᠂ ᠠᠵᠢᠯ ᠤᠨ ᠬᠠᠷᠢᠭᠤ ᠮᠡᠳ᠋ᠡᠭᠦᠯᠦᠯᠳ᠋ᠡ ᠶᠢ ᠰᠤᠨᠤᠰᠬᠤ᠂ ᠮᠠᠲ᠋ᠸᠷᠢᠶᠠᠯ ᠢ ᠪᠠᠢ᠌ᠴᠠᠭᠠᠨ ᠦᠵᠡᠬᠦ ᠵᠡᠷᠭᠡ ᠬᠡᠯᠪᠡᠷᠢ ᠪᠠᠷ ᠲᠠᠮᠵᠢᠨ ᠡᠯ᠎ᠠ ᠭᠠᠵᠠᠷ ᠤᠷᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠤᠨ ᠠᠬᠢᠴᠡ ᠶᠢᠨ ᠪᠠᠢ᠌ᠳ᠋ᠠᠯ ᠵᠢᠴᠢ ᠠᠵᠢᠯ ᠤᠨ ᠲᠤᠮᠳ᠋ᠠ ᠤᠷᠤᠰᠢᠵᠤ ᠪᠠᠢ᠌ᠭ᠎ᠠ ᠠᠰᠠᠭᠤᠳ᠋ᠠᠯ ᠪᠠ ᠬᠦᠴᠢᠷᠳ᠋ᠡᠯ ᠢ ᠨᠠᠷᠢᠨ ᠤᠢ᠌ᠯᠠᠭᠠᠬᠤ ᠶᠢᠨ ᠬᠠᠮᠳ᠋ᠤ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠳᠤ ᠲᠤᠯᠭᠠᠷᠠᠵᠤ ᠪᠠᠢ᠌ᠭ᠎ᠠ ᠰᠢᠨ᠎ᠠ ᠠᠰᠠᠭᠤᠳ᠋ᠠᠯ ᠤᠨ ᠲᠤᠭᠤᠷᠢᠨ ᠳᠤ᠂ ᠲᠦ᠋ᠯᠦᠭᠡᠯᠡᠭ᠍ᠴᠢ ᠶᠢᠨ ᠤᠷᠤᠨ ᠲᠤᠭ᠎ᠠ ᠶᠢ  ᠨᠡᠮᠡᠭ᠍ᠳ᠋ᠡᠭᠦᠯᠬᠦ ᠵᠢᠴᠢ ᠬᠤᠪᠢᠶᠠᠷᠢᠯᠠᠬᠤ᠂ ᠰᠤᠩᠭ᠋ᠤᠭᠤᠯᠢ ᠶᠢᠨ ᠲᠤᠭᠤᠷᠢᠭ  ᠬᠤᠪᠢᠶᠠᠷᠢᠯᠠᠬᠤ᠂ ᠰᠤᠩᠭ᠋ᠤᠭᠤᠯᠢ ᠶᠢᠨ ᠠᠷᠠᠳ ᠢ ᠲᠠᠩᠰᠠᠯᠠᠬᠤ᠂ ᠪᠦᠳ᠋ᠦᠴᠡ ᠶᠢᠨ ᠬᠠᠷᠢᠴᠡᠯ ᠵᠢᠴᠢ ᠤᠬᠠᠭᠤᠯᠵᠤ ᠲᠠᠢ᠌ᠴᠢᠯᠠᠭᠰᠠᠨ ᠵᠡᠷᠭᠡ ᠲᠠᠯ᠎ᠠ ᠪᠠᠷ ᠰᠠᠨᠠᠯ ᠶᠢᠡᠨ ᠭᠦᠨᠵᠡᠭᠡᠢ ᠰᠤᠯᠢᠯᠴᠠᠭᠰᠠᠨ ᠪᠦᠭᠡᠳ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠢ ᠰᠠᠢ᠌ᠳ᠋ᠤᠷ ᠬᠢᠬᠦ ᠲᠤᠬᠠᠢ ᠵᠢᠯᠤᠭᠤᠳᠬᠤ ᠴᠢᠨᠠᠷᠳ᠋ᠠᠢ ᠰᠠᠨᠠᠯ ᠲᠤᠷᠠᠳᠪᠠ᠃

       

         ᠡᠦ ᠴᠢᠩ ᠬᠠᠢ᠂ ᠦᠨᠳ᠋ᠦᠰᠦᠨ ᠬᠠᠦᠯᠢ᠂ ᠰᠤᠩᠭ᠋ᠤᠭᠤᠯᠢ ᠶᠢᠨ ᠬᠠᠦᠯᠢ ᠪᠤᠯᠤᠨ ᠤᠷᠤᠨ ᠨᠤᠳ᠋ᠤᠭ ᠤᠨ ᠵᠤᠬᠢᠶᠠᠨ ᠪᠠᠢ᠌ᠭᠤᠯᠤᠯᠳ᠋ᠠ ᠶᠢᠨ ᠬᠠᠦᠯᠢ ᠵᠡᠷᠭᠡ ᠬᠤᠯᠪᠤᠭᠳ᠋ᠠᠯ ᠪᠦᠬᠦᠢ ᠬᠠᠦᠯᠢ ᠴᠠᠭᠠᠵᠠ ᠬᠠᠦᠯᠢ ᠲᠤᠭᠳ᠋ᠠᠭᠠᠯ ᠢ ᠨᠠᠷᠢᠨ ᠬᠢᠨᠠᠮᠠᠭᠠᠢ ᠰᠤᠷᠤᠯᠴᠠᠨ᠂ ᠪᠦᠬᠦ ᠤᠯᠤᠰ ᠤᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠪᠤᠯᠤᠨ ᠦᠪᠡᠷᠳ᠋ᠡᠭᠡᠨ ᠵᠠᠰᠠᠬᠤ ᠤᠷᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠵᠢᠴᠢ ᠬᠤᠳ᠋ᠠ ᠬᠤᠰᠢᠭᠤᠨ ᠤ ᠲᠠᠷᠤᠮᠠᠯᠯᠠᠨ ᠲᠠᠷᠬᠠᠭᠠᠭᠰᠠᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠤᠨ ᠵᠢᠯᠤᠭᠤᠳᠬᠤ ᠭᠠᠷ ᠲᠡᠪᠳ᠋ᠡᠷ ᠪᠠ ᠬᠤᠯᠪᠤᠭᠳ᠋ᠠᠯ ᠪᠦᠬᠦᠢ ᠪᠢᠴᠢᠭ᠌ ᠮᠠᠲ᠋ᠸᠷᠢᠶᠠᠯ ᠢ ᠰᠠᠢ᠌ᠳ᠋ᠤᠷ ᠡᠵᠡᠮᠰᠢᠵᠦ᠂ ᠲᠤᠬᠠᠢ᠌ᠯᠠᠭᠰᠠᠨ ᠠᠵᠢᠯ ᠤᠨ ᠠᠵᠢᠯᠳ᠋ᠡᠨ ᠢ ᠪᠦᠬᠦ ᠲᠠᠯ᠎ᠠ ᠪᠠᠷ ᠰᠢᠰᠲ᠋ᠸᠮ ᠲᠡᠶ ᠪᠤᠯᠪᠠᠰᠤᠷᠠᠭᠤᠯᠤᠨ᠂ ᠲᠤᠬᠠᠢ᠌ᠯᠠᠭᠰᠠᠨ ᠠᠵᠢᠯ ᠤᠨ ᠴᠢᠳ᠋ᠠᠪᠤᠷᠢ ᠶᠢ ᠴᠢᠩᠭ᠋ᠠᠳᠬᠠᠵᠤ᠂ ᠰᠤᠷᠤᠯᠴᠠᠬᠤ ᠶᠢ ᠲᠡᠷᠢᠭᠦᠨ ᠪᠠᠢ᠌ᠷᠢᠨ ᠳᠤ ᠲᠠᠯᠪᠢᠨ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠤᠨ ᠵᠤᠬᠢᠶᠠᠨ ᠪᠠᠢ᠌ᠭᠤᠯᠤᠯᠳ᠋ᠠ ᠶᠢᠨ ᠤᠳ᠋ᠤᠷᠢᠳ᠋ᠤᠯᠭ᠎ᠠ ᠶᠢ ᠴᠢᠩᠭ᠋ᠠᠳᠬᠠᠵᠤ᠂ ᠰᠤᠩᠭ᠋ᠤᠭᠤᠯᠢ ᠶᠢᠨ ᠲᠤᠭᠤᠷᠢᠭ ᠤᠨ ᠰᠤᠩᠭ᠋ᠤᠭᠤᠯᠢ ᠶᠢᠨ ᠠᠵᠢᠯ ᠤᠨ ᠤᠳ᠋ᠤᠷᠢᠳᠬᠤ ᠲᠤᠭᠤᠢ᠌ᠯᠠᠩ ᠤᠨ ᠦᠢᠯᠡᠳ᠋ᠦᠯ ᠢ ᠭᠦᠢᠴᠡᠳ ᠪᠠᠳ᠋ᠠᠷᠠᠭᠤᠯᠵᠤ᠂ ᠰᠢᠯᠢᠳ᠋ᠡᠭ᠌ ᠬᠦᠮᠦᠰ ᠢ ᠰᠤᠩᠭ᠋ᠤᠨ ᠭᠠᠷᠭᠠᠵᠤ᠂ ᠬᠤᠭᠤᠴᠠᠭ᠎ᠠ ᠰᠤᠯᠢᠬᠤ ᠬᠢᠨᠠᠨ ᠵᠢᠯᠤᠭᠤᠳ᠋ᠤᠯᠭ᠎ᠠ ᠶᠢ ᠴᠢᠩᠭ᠋ᠠᠳᠬᠠᠨ᠂ ᠨᠠᠷᠢᠨ ᠨᠢᠮᠪᠠᠢ ᠵᠤᠬᠢᠶᠠᠨ ᠪᠠᠢ᠌ᠭᠤᠯᠵᠤ ᠬᠡᠷᠡᠭ᠍ᠵᠢᠭᠦᠯᠦᠨ᠂ ᠰᠤᠩᠭ᠋ᠤᠭᠤᠯᠢ ᠶᠢᠨ ᠲᠤᠭᠤᠷᠢᠭ ᠬᠤᠪᠢᠶᠠᠬᠤ᠂ ᠰᠤᠩᠭ᠋ᠤᠭᠤᠯᠢ ᠶᠢᠨ ᠠᠷᠠᠳ ᠢ ᠲᠠᠩᠰᠠᠯᠠᠬᠤ᠂ ᠨᠡᠷ᠎ᠠ ᠲᠤᠷᠠᠳ᠋ᠤᠨ ᠲᠠᠨᠢᠯᠴᠠᠭᠤᠯᠬᠤ᠂ ᠬᠢᠷᠢ ᠭᠡᠮ ᠢ ᠬᠢᠨᠠᠨ ᠪᠠᠢ᠌ᠴᠠᠭᠠᠬᠤ᠂ ᠪᠢᠯᠸᠲ ᠦᠭ᠍ᠴᠦ ᠰᠤᠩᠭ᠋ᠤᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠨᠠᠷᠢᠨ ᠬᠢᠨᠠᠮᠠᠭᠠᠢ ᠰᠠᠢ᠌ᠳ᠋ᠤᠷ ᠠᠳᠬᠤᠵᠤ᠂ ᠨᠢᠭᠡ ᠨᠢᠭᠡ ᠤᠴᠢᠷ ᠶᠠᠪᠤᠳ᠋ᠠᠯ ᠶᠢᠡᠷ ᠰᠢ᠌ᠳᠪᠦᠷᠢᠯᠡᠨ᠂ ᠨᠢᠭᠡ ᠨᠢᠭᠡ ᠭᠤᠭᠴᠤᠭ᠎ᠠ ᠪᠠᠷ ᠠᠵᠢᠯ ᠶᠢᠡᠨ ᠦᠷᠨᠢᠭᠦᠯᠵᠦ᠂ ᠬᠤᠰᠢᠭᠤ᠂ ᠰᠤᠮᠤ ᠪᠠᠯᠭᠠᠰᠤ ᠬᠤᠶᠠᠷ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠢ ᠲᠡᠭᠦᠰ ᠠᠮᠵᠢᠯᠳ᠋ᠡ ᠲᠡᠶ ᠪᠡᠶᠡᠯᠡᠭᠦᠯᠬᠦ ᠶᠢ ᠪᠠᠳ᠋ᠤᠯᠠᠬᠤ ᠬᠡᠷᠡᠭ᠍ᠳ᠋ᠠᠢ ᠭᠡᠵᠦ ᠴᠢᠩᠭ᠋ᠠᠳᠬᠠᠪᠠ᠃ 

        
             ᠡᠦ ᠴᠢᠩ ᠬᠠᠢ ᠪᠠᠰᠠ ᠤᠬᠠᠭᠤᠯᠭ᠎ᠠ ᠶᠢᠨ ᠶᠠᠷᠢᠶ᠎ᠠ ᠬᠡᠯᠡᠯᠴᠡᠭᠡᠨ ᠤ ᠵᠢᠯᠤᠭᠤᠳ᠋ᠤᠮᠵᠢ ᠶᠢ ᠴᠢᠩᠭ᠋ᠠᠳᠬᠠᠨ᠂ ᠬᠤᠭᠤᠴᠠᠭ᠎ᠠ ᠰᠤᠯᠢᠬᠤ ᠬᠡᠪ ᠰᠤᠷᠳ᠋ᠠᠯ ᠢ ᠴᠢᠩᠳ᠋ᠠᠯᠠᠬᠤ ᠵᠡᠷᠭᠡ ᠲᠠᠯ᠎ᠠ ᠪᠠᠷ ᠪᠤᠳ᠋ᠠᠳ᠋ᠠᠢ ᠱᠠᠭᠠᠷᠳ᠋ᠠᠯᠭ᠎ᠠ ᠲᠤᠷᠠᠳᠪᠠ᠃ (ᠯᠸᠢ ᠫᠠᠩ)

ᠡᠮᠦᠨᠡᠬᠢ᠄ ᠡᠦ ᠴᠢᠩ ᠬᠠᠢ ᠦᠨᠳ᠋ᠦᠰᠦᠨ ᠱᠠᠳ᠋ᠤᠨ ᠳᠤ ᠭᠦᠨᠵᠡᠭᠡᠢ᠌ᠷᠡᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠢ ᠬᠢᠨᠠᠨ ᠵᠢᠯᠤᠭᠤᠳᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠬᠦᠮᠦᠨ ᠰᠤᠩᠭ᠋ᠤᠨ ᠬᠡᠷᠡᠭᠯᠡᠬᠦ ᠬᠡᠪ ᠰᠤᠷᠳ᠋ᠠᠯ ᠢ ᠵᠠᠯᠠᠷᠠᠭᠤᠯᠬᠤ ᠲᠠᠢ᠌ᠴᠢᠯᠠᠯᠳ᠋ᠠ ᠪᠠᠢ᠌ᠷᠢᠯᠠᠭᠤᠯᠤᠯᠳ᠋ᠠ ᠶᠢᠨ ᠬᠤᠷᠠᠯ ᠬᠤᠷᠠᠯᠳ᠋ᠤᠭᠤᠯᠪᠠ