ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠬᠦᠮᠦᠨ ᠰᠤᠩᠭ᠋ᠤᠨ ᠬᠡᠷᠡᠭᠯᠡᠬᠦ ᠬᠡᠪ ᠰᠤᠷᠳ᠋ᠠᠯ ᠢ ᠵᠠᠯᠠᠷᠠᠭᠤᠯᠬᠤ ᠲᠠᠢ᠌ᠴᠢᠯᠠᠯᠳ᠋ᠠ ᠪᠠᠢ᠌ᠷᠢᠯᠠᠭᠤᠯᠤᠯᠳ᠋ᠠ ᠶᠢᠨ ᠬᠤᠷᠠᠯ ᠬᠤᠷᠠᠯᠳ᠋ᠤᠭᠤᠯᠪᠠ


       
         9 ᠰᠠᠷ᠎ᠠ ᠶᠢᠨ 26 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠬᠦᠮᠦᠨ ᠰᠤᠩᠭ᠋ᠤᠨ ᠬᠡᠷᠡᠭᠯᠡᠬᠦ ᠬᠡᠪ ᠰᠤᠷᠳ᠋ᠠᠯ ᠢ ᠵᠠᠯᠠᠷᠠᠭᠤᠯᠬᠤ ᠲᠠᠢ᠌ᠴᠢᠯᠠᠯᠳ᠋ᠠ ᠪᠠᠢ᠌ᠷᠢᠯᠠᠭᠤᠯᠤᠯᠳ᠋ᠠ ᠶᠢᠨ ᠬᠤᠷᠠᠯ ᠬᠤᠷᠠᠯᠳ᠋ᠤᠭᠤᠯᠤᠨ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠪᠦᠷᠢᠯᠳ᠋ᠦᠭᠦᠨ ᠭᠡᠰᠢᠭᠦᠨ ᠵᠢᠴᠢ ᠨᠠᠮ ᠤᠨ ᠡᠭᠦᠷ ᠤᠨ ᠭᠡᠰᠢᠭᠦᠨ ᠬᠤᠷᠠᠯ ᠳᠤ ᠤᠷᠤᠯᠴᠠᠪᠠ᠃ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠭᠦᠸᠸ ᠬᠤᠷᠠᠯ ᠢ ᠡᠷᠬᠢᠯᠡᠪᠡ᠃

       

     ᠬᠤᠷᠠᠯ ᠲᠡᠭᠡᠷ᠎ᠠ ᠪᠦᠬᠦ ᠬᠤᠰᠢᠭᠤᠨ ᠤ ᠬᠦᠮᠦᠨ ᠰᠤᠩᠭ᠋ᠤᠨ ᠬᠡᠷᠡᠭᠯᠡᠬᠦ ᠬᠡᠪ ᠰᠤᠷᠳ᠋ᠠᠯ ᠢ ᠵᠠᠯᠠᠷᠠᠭᠤᠯᠬᠤ ᠲᠠᠢ᠌ᠴᠢᠯᠠᠯᠳ᠋ᠠ ᠪᠠᠢ᠌ᠷᠢᠯᠠᠭᠤᠯᠤᠯᠳ᠋ᠠ ᠶᠢᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠡᠨ ᠰᠤᠷᠤᠯᠴᠠᠵᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ《ᠬᠦᠮᠦᠨ ᠰᠤᠩᠭ᠋ᠤᠨ ᠬᠡᠷᠡᠭᠯᠡᠬᠦ ᠬᠡᠪ ᠰᠤᠷᠳ᠋ᠠᠯ ᠢ ᠵᠠᠯᠠᠷᠠᠭᠤᠯᠬᠤ ᠠᠵᠢᠯ ᠤᠨ ᠨᠠᠷᠢᠨ ᠲᠠᠩᠰᠠ》 ᠵᠢ ᠶᠠᠷᠢᠯᠴᠠᠨ ᠪᠠᠳ᠋ᠤᠯᠠᠪᠠ᠃ 

       
            ᠬᠤᠷᠠᠯ ᠡᠴᠡ᠂ ᠬᠡᠷᠡᠭ᠌ ᠶᠢᠡᠷ ᠦᠭᠡᠷᠡᠴᠢᠯᠡᠯᠳ᠋ᠡ ᠶᠢ ᠠᠬᠢᠭᠤᠯᠵᠤ ᠬᠦᠮᠦᠨ ᠰᠤᠩᠭ᠋ᠤᠨ ᠬᠡᠷᠡᠭᠯᠡᠬᠦ ᠬᠡᠪ ᠰᠤᠷᠳ᠋ᠠᠯ ᠢ ᠵᠠᠯᠠᠷᠠᠭᠤᠯᠬᠤ ᠠᠵᠢᠯ ᠢ ᠦᠷᠨᠢᠭᠦᠯᠬᠦ ᠶᠢᠨ ᠴᠢᠬᠤᠯᠠ ᠠᠴᠢ ᠬᠤᠯᠪᠤᠭᠳ᠋ᠠᠯ ᠢ ᠭᠦᠢᠴᠡᠳ ᠲᠠᠨᠢᠨ᠂ ᠠᠵᠢᠯ ᠤᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠪᠤᠳ᠋ᠠᠳ᠋ᠠᠢ᠌ᠵᠢᠭᠤᠯᠵᠤ᠂ ᠠᠵᠢᠯ ᠤᠨ ᠬᠠᠷᠠᠯᠳ᠋ᠠ ᠪᠠᠨ ᠲᠤᠳ᠋ᠤᠷᠬᠠᠢ᠌ᠯᠠᠨ᠂ ᠪᠠᠢ᠌ᠭᠤᠯᠭ᠎ᠠ ᠶᠢᠨ ᠬᠡᠪ ᠰᠤᠷᠳ᠋ᠠᠯ ᠤᠨ ᠪᠠᠢ᠌ᠭᠤᠯᠤᠯᠳ᠋ᠠ᠂ ᠬᠢᠨᠠᠯᠳ᠋ᠠ ᠲᠠᠯᠪᠢᠬᠤ ᠶᠢ ᠴᠢᠩᠭ᠋ᠠᠳᠬᠠᠬᠤ᠂ ᠨᠠᠮ ᠤᠨ ᠲᠤᠳ᠋ᠤᠭᠠᠳ᠋ᠤ ᠶᠢᠨ ᠠᠮᠢᠳ᠋ᠤᠷᠠᠯ ᠢ ᠴᠢᠩᠳ᠋ᠠᠯᠠᠬᠤ ᠵᠡᠷᠭᠡ ᠲᠠᠯ᠎ᠠ ᠪᠠᠷ ᠤᠷᠤᠰᠢᠵᠤ ᠪᠠᠢ᠌ᠭ᠎ᠠ ᠠᠰᠠᠭᠤᠳ᠋ᠠᠯ ᠢ ᠨᠠᠷᠢᠨ ᠬᠢᠨᠠᠮᠠᠭᠠᠢ ᠡᠷᠢᠵᠦ᠂ ᠠᠰᠠᠭᠤᠳ᠋ᠠᠯ ᠤᠨ ᠦᠨᠳ᠋ᠦᠰᠦ ᠰᠤᠷᠪᠤᠯᠵᠢ ᠶᠢ ᠭᠦᠨᠵᠡᠭᠡᠢ ᠵᠠᠳ᠋ᠠᠯᠤᠨ᠂ ᠴᠡᠭ᠍ᠴᠡᠯᠡᠨ ᠰᠠᠢ᠌ᠵᠢᠷᠠᠭᠤᠯᠬᠤ ᠡᠬᠡ ᠲᠠᠩᠰᠠ ᠪᠠᠢ᠌ᠭᠤᠯᠵᠤ᠂ ᠬᠠᠷᠢᠭᠤᠴᠠᠯᠭᠠᠳ᠋ᠠᠨ ᠪᠤᠯᠤᠨ ᠴᠡᠭ᠍ᠴᠡᠯᠡᠨ ᠰᠠᠢ᠌ᠵᠢᠷᠠᠭᠤᠯᠬᠤ ᠴᠠᠭ ᠤᠨ ᠬᠢᠵᠠᠭᠠᠷ ᠢ ᠲᠤᠳ᠋ᠤᠷᠬᠠᠢ᠌ᠯᠠᠨ᠂ ᠵᠤᠷᠪᠤᠰ ᠲᠠᠷᠠᠭᠠᠯᠠᠨ ᠴᠡᠭ᠍ᠴᠡᠯᠡᠨ ᠰᠠᠢ᠌ᠵᠢᠷᠠᠭᠤᠯᠵᠤ ᠨᠠᠢ᠌ᠳ᠋ᠠᠪᠤᠷᠢᠵᠢᠭᠤᠯᠤᠨ᠂ ᠪᠠᠢ᠌ᠭᠤᠯᠭ᠎ᠠ ᠶᠢᠨ ᠬᠦᠮᠦᠨ ᠰᠤᠩᠭ᠋ᠤᠨ ᠬᠡᠷᠡᠭᠯᠡᠬᠦ ᠲᠦ᠋ᠷᠢᠮ ᠲᠤᠭᠳ᠋ᠠᠴᠠ ᠶᠢ ᠲᠡᠭᠦᠯᠳ᠋ᠡᠷᠵᠢᠭᠦᠯᠵᠦ᠂ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠤᠳ᠋ᠤᠷᠢᠳᠬᠤ ᠪᠠ ᠬᠠᠷᠢᠭᠤᠴᠠᠬᠤ ᠦᠢᠯᠡᠳ᠋ᠦᠯ ᠢ ᠴᠢᠩᠭ᠋ᠠᠳᠬᠠᠨ᠂ ᠺᠠᠳ᠋ᠷ ᠢ ᠰᠢᠯᠢᠨ ᠲᠡᠪᠰᠢᠭᠦᠯᠵᠦ ᠲᠤᠮᠢᠯᠠᠨ ᠬᠡᠷᠡᠭᠯᠡᠬᠦ ᠠᠵᠢᠯ ᠤᠨ ᠲᠦ᠋ᠷᠢᠮᠵᠢᠯᠳ᠋ᠡ᠂ ᠵᠢᠷᠤᠮᠵᠢᠯᠳ᠋ᠡ᠂ ᠰᠢᠨᠵᠢᠯᠡᠬᠦ ᠤᠬᠠᠭᠠᠨᠴᠢᠯᠠᠯᠳ᠋ᠠ ᠶᠢ ᠤᠯᠠᠮ ᠨᠢᠭᠡ ᠠᠯᠬᠤᠮ ᠲᠦ᠋ᠯᠬᠢᠨ ᠠᠬᠢᠭᠤᠯᠵᠤ᠂ ᠵᠦ᠋ᠪ ᠤᠨᠤᠪᠴᠢᠳ᠋ᠠᠢ ᠬᠦᠮᠦᠨ ᠰᠤᠩᠭ᠋ᠤᠨ ᠬᠡᠷᠡᠭᠯᠡᠬᠦ ᠤᠳ᠋ᠤᠷᠢᠳ᠋ᠤᠮᠵᠢ ᠶᠢ ᠪᠠᠷᠢᠮᠳ᠋ᠡᠯᠡᠨ᠂ ᠺᠠᠳ᠋ᠷ ᠤᠨ ᠰᠤᠷᠳ᠋ᠠᠯ ᠢ ᠬᠤᠪᠢᠷᠠᠭᠤᠯᠵᠤ᠂ ᠬᠦᠮᠦᠨ ᠰᠤᠩᠭ᠋ᠤᠨ ᠬᠡᠷᠡᠭᠯᠡᠬᠦ ᠬᠡᠪ ᠰᠤᠷᠳ᠋ᠠᠯ ᠢ ᠵᠠᠯᠠᠷᠠᠭᠤᠯᠤᠨ᠂ ᠪᠠᠢ᠌ᠭᠤᠯᠭ᠎ᠠ ᠶᠢᠨ ᠤᠯᠤᠰ ᠲᠦ᠋ᠷᠦ ᠶᠢᠨ ᠠᠮᠢ ᠠᠬᠤᠢ ᠶᠢ ᠤᠯᠠᠮ ᠨᠢᠭᠡ ᠠᠯᠬᠤᠮ ᠰᠠᠢ᠌ᠵᠢᠷᠠᠬᠤ ᠶᠢ ᠲᠦ᠋ᠷᠭᠡᠳᠭᠡᠨ ᠠᠬᠢᠭᠤᠯᠵᠤ᠂ ᠰᠢᠨ᠎ᠠ ᠲᠦ᠋ᠷᠰᠦ ᠪᠠᠢ᠌ᠳ᠋ᠠᠯ ᠰᠢᠨ᠎ᠠ ᠡᠭᠦᠷᠭᠡᠯᠡᠯ ᠰᠢᠨ᠎ᠠ ᠵᠢᠳᠭᠦᠯ ᠴᠢᠷᠮᠠᠢ᠌ᠯᠭ᠎ᠠ ᠪᠠᠷ ᠬᠠᠦᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠡᠯ᠎ᠠ ᠲᠦ᠋ᠷᠦᠯ ᠤᠨ ᠠᠵᠢᠯ ᠢ ᠪᠦᠬᠦ ᠲᠠᠯ᠎ᠠ ᠪᠠᠷ ᠰᠠᠢ᠌ᠳ᠋ᠤᠷ ᠬᠢᠭᠦ ᠬᠡᠷᠡᠭ᠍ᠳ᠋ᠠᠢ ᠭᠡᠵᠦ ᠴᠢᠩᠭ᠋ᠠᠳᠬᠠᠪᠠ᠃ (ᠯᠸᠢ ᠫᠠᠩ)

ᠡᠮᠦᠨᠡᠬᠢ᠄ ᠡᠦ ᠴᠢᠩ ᠬᠠᠢ ᠦᠨᠳ᠋ᠦᠰᠦᠨ ᠱᠠᠳ᠋ᠤᠨ ᠳᠤ ᠬᠦᠷᠴᠦ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠢ ᠬᠢᠨᠠᠨ ᠵᠢᠯᠤᠭᠤᠳᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠬᠤᠰᠢᠭᠤ ᠰᠤᠮᠤ ᠪᠠᠯᠭᠠᠰᠤ ᠬᠤᠶᠠᠷ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠬᠢᠨᠠᠨ ᠵᠢᠯᠤᠭᠤᠳᠬᠤ ᠲᠤᠭᠤᠢ᠌ᠯᠠᠩ ᠤᠨ ᠠᠵᠢᠯ ᠤᠨ ᠬᠤᠷᠠᠯ ᠢ ᠵᠤᠬᠢᠶᠠᠨ ᠪᠠᠢ᠌ᠭᠤᠯᠵᠤ ᠬᠤᠷᠠᠯᠳ᠋ᠤᠭᠤᠯᠪᠠ