ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠬᠤᠰᠢᠭᠤ ᠰᠤᠮᠤ ᠪᠠᠯᠭᠠᠰᠤ ᠬᠤᠶᠠᠷ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠬᠢᠨᠠᠨ ᠵᠢᠯᠤᠭᠤᠳᠬᠤ ᠲᠤᠭᠤᠢ᠌ᠯᠠᠩ ᠤᠨ ᠠᠵᠢᠯ ᠤᠨ ᠬᠤᠷᠠᠯ ᠢ ᠵᠤᠬᠢᠶᠠᠨ ᠪᠠᠢ᠌ᠭᠤᠯᠵᠤ ᠬᠤᠷᠠᠯᠳ᠋ᠤᠭᠤᠯᠪᠠ

      9 ᠰᠠᠷ᠎ᠠ ᠶᠢᠨ 26 ᠤ ᠡᠳ᠋ᠦᠷ ᠤᠨ ᠦᠳ᠋ᠡ ᠶᠢᠨ ᠡᠮᠦᠨ᠎ᠠ᠂ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠬᠤᠰᠢᠭᠤ ᠰᠤᠮᠤ ᠪᠠᠯᠭᠠᠰᠤ ᠬᠤᠶᠠᠷ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠬᠢᠨᠠᠨ ᠵᠢᠯᠤᠭᠤᠳᠬᠤ ᠲᠤᠭᠤᠢ᠌ᠯᠠᠩ ᠤᠨ ᠠᠵᠢᠯ ᠤᠨ ᠬᠤᠷᠠᠯ ᠢ ᠵᠤᠬᠢᠶᠠᠨ ᠪᠠᠢ᠌ᠭᠤᠯᠵᠤ ᠬᠤᠷᠠᠯᠳ᠋ᠤᠭᠤᠯᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠶᠢᠨ ᠵᠢᠱᠢᠭ᠍ᠳ᠋ᠡᠭ᠍ᠴᠢ ᠼᠦ᠋ᠢ ᠯᠸᠢ ᠯᠸᠢ ᠬᠤᠷᠠᠯ ᠳᠤ ᠰᠠᠭᠠᠳ᠋ᠠᠨ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠢ᠌ᠭᠤᠯᠬᠤ ᠬᠡᠯᠳ᠋ᠡᠰ ᠤᠨ ᠬᠠᠮᠢᠶ᠎ᠠ ᠪᠦᠬᠦᠢ ᠬᠠᠷᠢᠭᠤᠴᠠᠯᠭᠠᠳ᠋ᠠᠨ ᠵᠢᠴᠢ ᠬᠤᠰᠢᠭᠤ ᠰᠤᠮᠤ ᠪᠠᠯᠭᠠᠰᠤ ᠬᠤᠶᠠᠷ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠤᠨ ᠬᠢᠨᠠᠨ ᠪᠠᠢ᠌ᠴᠠᠭᠠᠵᠤ ᠵᠢᠯᠤᠭᠤᠳᠬᠤ ᠲᠤᠭᠤᠢ᠌ᠯᠠᠩ ᠤᠨ ᠪᠦᠬᠦ ᠭᠡᠰᠢᠭᠦᠨ ᠬᠤᠷᠠᠯ ᠳᠤ ᠤᠷᠤᠯᠴᠠᠪᠠ᠃

       
           ᠡᠦ ᠴᠢᠩ ᠬᠠᠢ ᠡᠴᠡ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠤᠨ ᠬᠢᠨᠠᠨ ᠵᠢᠯᠤᠭᠤᠳᠬᠤ ᠲᠤᠭᠤᠢ᠌ᠯᠠᠩ ᠤᠨ ᠬᠢᠨ ᠡᠯ᠎ᠠ ᠶᠠᠪᠤᠴᠠ ᠶᠢ ᠴᠢᠩᠭ᠎ᠠ ᠰᠠᠬᠢᠭᠰᠠᠨ ᠰᠠᠭᠤᠷᠢᠨ ᠲᠡᠭᠡᠷ᠎ᠠ᠂ ᠡᠯ᠎ᠠ ᠭᠠᠵᠠᠷ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠢ ᠬᠢᠨᠠᠨ ᠵᠢᠯᠤᠭᠤᠳᠴᠦ ᠪᠠᠢ᠌ᠭᠠᠳ ᠤᠷᠤᠭᠰᠢ ᠠᠬᠢᠭᠤᠯᠤᠨ᠂ ᠤᠷᠢᠳᠴᠢᠯᠡᠨ ᠲᠦ᠋ᠯᠦᠪᠵᠢᠭᠦᠯᠦᠨ ᠪᠠᠢ᠌ᠷᠢᠯᠠᠭᠤᠯᠵᠤ᠂ ᠴᠠᠭ ᠬᠤᠭᠤᠴᠠᠭ᠎ᠠ᠂ ᠠᠵᠢᠯ ᠤᠨ ᠭᠤᠭᠴᠤᠭ᠎ᠠ ᠪᠠ ᠨᠠᠷᠢᠨ ᠵᠦ᠋ᠢᠯᠡᠰ ᠢ ᠴᠢᠩᠭ᠎ᠠ ᠠᠩᠬᠠᠷᠤᠨ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠢ ᠬᠠᠦᠯᠢ ᠲᠤᠭᠳ᠋ᠠᠭᠠᠯ ᠶᠤᠰᠤᠭᠠᠷ ᠲᠦ᠋ᠯᠬᠢᠨ ᠠᠬᠢᠭᠤᠯᠵᠤ᠂ ᠤᠨᠴᠠᠭᠠᠢ᠌ᠯᠠᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠴᠠᠭ ᠬᠤᠭᠤᠴᠠᠭ᠎ᠠ ᠶᠢᠨ ᠲᠤᠬᠢᠷᠠᠭᠤᠯᠤᠯᠳ᠋ᠠ ᠶᠢ ᠦᠨᠳ᠋ᠦᠰᠦᠯᠡᠨ᠂ ᠠᠵᠢᠯᠳ᠋ᠡᠨ ᠤ ᠪᠤᠯᠪᠠᠰᠤᠷᠠᠯ᠂ ᠰᠤᠩᠭ᠋ᠤᠭᠤᠯᠢ ᠶᠢᠨ ᠠᠷᠠᠳ ᠢ ᠲᠠᠩᠰᠠᠯᠠᠬᠤ᠂ ᠲᠦ᠋ᠯᠦᠭᠡᠯᠡᠭ᠍ᠴᠢ ᠶᠢᠨ ᠪᠦᠳ᠋ᠦᠴᠡ ᠶᠢᠨ ᠬᠠᠷᠢᠴᠡᠯ᠂ ᠤᠷᠤᠨ ᠲᠤᠭ᠎ᠠ ᠶᠢᠨ ᠬᠤᠪᠢᠶᠠᠷᠢᠯᠠᠯᠳ᠋ᠠ᠂ ᠲᠦ᠋ᠯᠦᠭᠡᠯᠡᠭ᠍ᠴᠢ ᠶᠢᠨ ᠵᠢᠱᠢᠭ᠍ᠳ᠋ᠡᠭ᠍ᠴᠢ ᠵᠡᠷᠭᠡ ᠬᠠᠮᠢᠶ᠎ᠠ ᠪᠦᠬᠦᠢ ᠴᠢᠬᠤᠯᠠ ᠠᠵᠢᠯ ᠢ ᠢᠳ᠋ᠡᠪᠬᠢᠳ᠋ᠠᠢ ᠰᠠᠢ᠌ᠳ᠋ᠤᠷ ᠬᠢᠵᠦ᠂ ᠡᠯ᠎ᠠ ᠭᠠᠵᠠᠷ ᠤᠨ ᠬᠢᠨ ᠢ ᠬᠢᠨᠠᠨ ᠵᠢᠯᠤᠭᠤᠳᠴᠦ ᠪᠠᠢ᠌ᠭᠠᠳ ᠪᠠᠢ᠌ᠳ᠋ᠠᠯ ᠢ ᠤᠢ᠌ᠯᠠᠭᠠᠵᠤ ᠮᠦ᠋ᠷᠳ᠋ᠡᠨ ᠪᠠᠢ᠌ᠴᠠᠭᠠᠬᠤ ᠡᠷᠴᠢᠮ ᠶᠢᠡᠨ ᠤᠯᠠᠮ ᠨᠢᠭᠡ ᠠᠯᠬᠤᠮ ᠴᠢᠩᠭ᠋ᠠᠷᠠᠭᠤᠯᠤᠨ᠂ ᠰᠤᠩᠭ᠋ᠤᠭᠤᠯᠢ ᠶᠢᠨ ᠠᠷᠠᠳ ᠤᠨ ᠲᠤᠭ᠎ᠠ ᠪᠠᠷᠢᠮᠳ᠋ᠠ ᠶᠢ ᠲᠡᠭᠦᠯᠳ᠋ᠡᠷᠵᠢᠭᠦᠯᠵᠦ᠂《ᠭᠤᠷᠪᠠ ᠶᠢ ᠨᠡᠮᠡᠭ᠍ᠳ᠋ᠡᠭᠦᠯᠬᠦ᠂ ᠭᠤᠷᠪᠠ ᠶᠢ ᠪᠠᠭᠠᠰᠬᠠᠬᠤ》ᠠᠵᠢᠯ ᠢ ᠨᠠᠷᠢᠨ ᠬᠢᠨᠠᠮᠠᠭᠠᠢ ᠡᠵᠡᠮᠳ᠋ᠡᠨ ᠰᠠᠢ᠌ᠳ᠋ᠤᠷ ᠬᠢᠵᠦ᠂ ᠰᠤᠩᠭ᠋ᠤᠭᠤᠯᠢ ᠶᠢᠨ ᠠᠷᠠᠳ ᠤᠨ ᠬᠠᠦᠯᠢ ᠶᠤᠰᠤᠨ ᠤ ᠡᠷᠬᠡ ᠠᠰᠢᠭ ᠢ ᠪᠠᠳ᠋ᠤᠯᠠᠨ᠂《ᠪᠤᠷᠤᠭᠤ ᠲᠠᠩᠰᠠᠯᠠᠬᠤ᠂ ᠤᠷᠬᠢᠭᠳ᠋ᠠᠭᠤᠯᠤᠨ ᠲᠠᠩᠰᠠᠯᠠᠬᠤ᠂ ᠲᠠᠪᠬᠤᠴᠠᠭᠤᠯᠤᠨ ᠲᠠᠩᠰᠠᠯᠠᠬᠤ》ᠪᠠᠢ᠌ᠳ᠋ᠠᠯ ᠡᠭᠦᠰᠬᠦ ᠦᠭᠡᠶ ᠪᠠᠢ᠌ᠬᠤ ᠶᠢ ᠪᠠᠳ᠋ᠤᠯᠠᠵᠦ᠂ ᠬᠤᠰᠢᠭᠤ᠂ ᠰᠤᠮᠤ ᠪᠠᠯᠭᠠᠰᠤ ᠬᠤᠶᠠᠷ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠢ ᠴᠢᠩᠭ᠎ᠠ ᠪᠤᠳ᠋ᠠᠳ᠋ᠠᠢ ᠰᠠᠢ᠌ᠳ᠋ᠤᠷ ᠪᠡᠶᠡᠯᠡᠭᠦᠯᠬᠦ ᠬᠡᠷᠡᠭ᠍ᠳ᠋ᠠᠢ ᠭᠡᠵᠦ ᠴᠢᠩᠭ᠋ᠠᠳᠬᠠᠪᠠ᠃

          
               ᠬᠤᠷᠠᠯ ᠲᠡᠭᠡᠷ᠎ᠠ ᠡᠯ᠎ᠠ ᠬᠢᠨᠠᠨ ᠵᠢᠯᠤᠭᠤᠳᠬᠤ ᠲᠤᠭᠤᠢ᠌ᠯᠠᠩ ᠤᠨ ᠠᠵᠢᠯ ᠤᠨ ᠬᠠᠷᠢᠭᠤ ᠮᠡᠳ᠋ᠡᠭᠦᠯᠦᠯᠳ᠋ᠡ ᠶᠢ ᠰᠤᠨᠤᠰᠴᠦ᠂ ᠤᠢ᠌ᠷ᠎ᠠ ᠶᠢᠨ ᠬᠤᠭᠤᠴᠠᠭᠠᠨ ᠤ ᠬᠢᠨᠠᠨ ᠪᠠᠢ᠌ᠴᠠᠭᠠᠵᠤ ᠵᠢᠯᠤᠭᠤᠳᠬᠤ ᠠᠵᠢᠯ ᠤᠨ ᠭᠤᠤᠯᠳ᠋ᠠᠯᠭ᠎ᠠ ᠶᠢ ᠲᠤᠬᠢᠷᠠᠭᠤᠯᠤᠨ ᠪᠠᠢ᠌ᠷᠢᠯᠠᠭᠤᠯᠬᠤ ᠶᠢᠨ ᠬᠠᠮᠳ᠋ᠤ ᠬᠢᠨᠠᠨ ᠪᠠᠢ᠌ᠴᠠᠭᠠᠵᠤ ᠵᠢᠯᠤᠭᠤᠳᠬᠤ ᠠᠵᠢᠯ ᠤᠨ ᠲᠤᠮᠳ᠋ᠠ ᠢᠯᠡᠷᠡᠭᠦᠯᠦᠭ᠍ᠰᠡᠨ ᠠᠰᠠᠭᠤᠳ᠋ᠠᠯ ᠪᠠ ᠬᠦᠴᠢᠷᠳ᠋ᠠᠯᠳ᠋ᠠᠢ ᠪᠠᠢ᠌ᠳ᠋ᠠᠯ ᠢ ᠲᠤᠬᠠᠢ ᠶᠢᠨ ᠲᠠᠯᠠᠪᠤᠷ ᠲᠤᠨᠢ ᠬᠠᠷᠢᠭᠤᠯᠳ᠋ᠠ ᠦᠭ᠍ᠴᠠᠢ᠃ (ᠯᠸ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠬᠦᠮᠦᠨ ᠰᠤᠩᠭ᠋ᠤᠨ ᠬᠡᠷᠡᠭᠯᠡᠬᠦ ᠬᠡᠪ ᠰᠤᠷᠳ᠋ᠠᠯ ᠢ ᠵᠠᠯᠠᠷᠠᠭᠤᠯᠬᠤ ᠲᠠᠢ᠌ᠴᠢᠯᠠᠯᠳ᠋ᠠ ᠪᠠᠢ᠌ᠷᠢᠯᠠᠭᠤᠯᠤᠯᠳ᠋ᠠ ᠶᠢᠨ ᠬᠤᠷᠠᠯ ᠬᠤᠷᠠᠯᠳ᠋ᠤᠭᠤᠯᠪᠠ
ᠳᠠᠷᠠᠭᠠᠬᠢ᠄ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ 2021 ᠤᠨ ᠤ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢᠯ ᠢ ᠪᠠᠢ᠌ᠴᠠᠭᠠᠨ ᠦᠵᠡᠪᠡ