ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ 2021 ᠤᠨ ᠤ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢᠯ ᠢ ᠪᠠᠢ᠌ᠴᠠᠭᠠᠨ ᠦᠵᠡᠪᠡ


9 ᠰᠠᠷ᠎ᠠ ᠶᠢᠨ 27 ᠤ ᠡᠳ᠋ᠦᠷ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ 2021 ᠤᠨ ᠤ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠢ ᠠᠷᠠᠳ ᠤᠨ ᠲᠦ᠋ᠯᠦᠭᠡᠯᠡᠭ᠍ᠴᠢᠳ ᠪᠢᠯᠸᠲ ᠦᠭ᠍ᠴᠦ ᠪᠠᠳ᠋ᠤᠯᠠᠭᠰᠠᠨ ᠲᠦ᠋ᠷᠦᠯ ᠵᠦ᠋ᠢᠯ ᠢ ᠪᠠᠢ᠌ᠴᠠᠭᠠᠨ ᠦᠵᠡᠪᠡ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠶᠢᠨ ᠵᠢᠱᠢᠳ᠋ᠡᠭ᠍ᠴᠢ ᠼᠦ᠋ᠢ ᠯᠸᠢ ᠯᠸᠢ᠂ ᠵᠠᠩ ᠶᠦ᠋ᠩ ᠴᠢᠶᠠᠩ ᠵᠢᠴᠢ ᠬᠡᠰᠡᠭ᠌ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠪᠠᠢ᠌ᠴᠠᠭᠠᠯᠳ᠋ᠠ ᠳᠤ ᠤᠷᠤᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠢ᠌ᠩᠭ᠋ᠤ ᠵᠢᠨ ᠭᠡᠰᠢᠭᠦᠨ᠂ ᠲᠡᠳ᠋ ᠬᠤᠰᠢᠭᠤᠨ ᠲᠠᠷᠤᠭ᠎ᠠ ᠪᠠᠳ᠋ᠤ ᠵᠢᠴᠢ ᠡᠯ᠎ᠠ ᠲᠦ᠋ᠷᠦᠯ ᠵᠦ᠋ᠢᠯ ᠤᠨ ᠭᠤᠤᠯ ᠬᠠᠮᠢᠶᠠᠷᠤᠯᠳ᠋ᠠ ᠶᠢᠨ ᠰᠠᠯᠠᠭ᠎ᠠ ᠮᠦ᠋ᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠳ᠋ᠠᠨ ᠪᠠᠷ᠎ᠠ ᠪᠤᠯᠤᠨ ᠪᠠᠢ᠌ᠴᠠᠭᠠᠪᠠ᠃

ᠪᠠᠢ᠌ᠴᠠᠭᠠᠬᠤ ᠲᠤᠭᠤᠢ᠌ᠯᠠᠩ ᠤᠨ ᠬᠢᠨ ᠤᠷᠢᠳ ᠬᠤᠵᠢᠳ ᠧᠯ ᠴᠢᠩ ᠪᠠᠭ᠎ᠠ ᠲᠤᠭᠤᠷᠢᠭ᠂ 304 ᠱᠤᠭᠤᠮ ᠤᠨ ᠵᠡᠭᠦᠨ ᠬᠦᠬᠦᠷᠭᠡ᠂ ᠵᠠᠷᠤᠳ ᠬᠤᠰᠢᠭᠤᠨ ᠤ ᠮᠤ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠳ᠋ᠤ ᠺᠤᠮᠫᠠᠨᠢ᠂ ᠯᠦ᠋ᠪᠸᠢ ᠪᠠᠯᠭᠠᠰᠤᠨ ᠤ ᠮᠠᠯᠠᠭᠠᠢ ᠭᠠᠴᠠᠭ᠎ᠠ᠂ ᠰᠢᠨ ᠯᠤ ᠬᠤᠶᠠᠳ᠋ᠤᠭᠠᠷ ᠬᠤᠭᠤᠴᠠᠭᠠᠨ ᠤ ᠪᠠᠭ᠎ᠠ ᠲᠤᠭᠤᠷᠢᠭ ᠵᠡᠷᠭᠡ ᠭᠠᠵᠠᠷ ᠲᠤ ᠬᠦᠷᠴᠦ᠂ ᠬᠤᠳ᠋ᠠ ᠪᠠᠯᠭᠠᠰᠤᠨ ᠤ ᠪᠠᠳ᠋ᠤᠯᠠᠭ᠎ᠠ ᠶᠢᠨ ᠴᠢᠨᠠᠷᠳ᠋ᠠᠢ ᠠᠮᠤᠭᠤᠯᠠᠩ ᠰᠠᠭᠤᠴᠠ ᠶᠢᠨ ᠢᠨᠵᠢᠨᠧᠷᠢᠩ᠂ ᠯᠦ᠋ᠪᠸᠢ ᠭᠤᠤᠯ ᠤᠨ ᠭᠤᠤᠯ ᠤᠨ ᠵᠠᠮ ᠢ ᠵᠠᠰᠠᠬᠤ ᠢᠨᠵᠢᠨᠧᠷᠢᠩ᠂ ᠠᠵᠢᠯ ᠤᠯᠭᠤᠯᠳ᠋ᠠ ᠶᠢ ᠲᠤᠭᠳ᠋ᠠᠪᠤᠷᠢᠵᠢᠭᠤᠯᠵᠤ ᠠᠷᠠᠳ ᠤᠨ ᠤᠷᠤᠯᠭ᠎ᠠ ᠶᠢ ᠨᠡᠮᠡᠭ᠍ᠳ᠋ᠡᠬᠦᠯᠬᠦ ᠢᠨᠵᠢᠨᠧᠷᠢᠩ᠂ 《ᠤᠶᠤᠨᠳ᠋ᠤ ᠷᠠᠳ᠋ᠢᠤ᠋ ᠲᠸᠯᠸᠢᠰ》 ᠤᠨ ᠦᠷᠭᠡᠨ ᠪᠦᠰᠡᠳ᠋ᠤ ᠲᠤᠤᠷ ᠰᠦ᠋ᠯᠵᠢᠶ᠎ᠠ ᠶᠢ ᠪᠦᠷᠬᠦᠬᠦᠯᠬᠦ ᠪᠠ ᠤᠢ᠌ᠯᠡᠴᠢᠯᠡᠭᠡᠨ ᠤ ᠢᠨᠵᠢᠨᠧᠷᠢᠩ᠂ ᠯᠦ᠋ᠪᠸᠢ ᠪᠠᠯᠭᠠᠰᠤᠨ ᠤ ᠢᠯᠴᠢ ᠬᠠᠩᠭ᠋ᠠᠬᠤ ᠬᠤᠭᠤᠯᠠᠢ ᠲᠤᠤᠷ ᠢ ᠦᠭᠡᠷᠡᠴᠢᠯᠡᠬᠦ ᠢᠨᠵᠢᠨᠧᠷᠢᠩ ᠵᠡᠷᠭᠡ ᠵᠠᠷᠤᠳ ᠬᠤᠰᠢᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠠᠪᠤᠳ᠋ᠤᠭᠠᠷ ᠤᠳ᠋ᠠᠭᠠᠨ ᠤ ᠬᠤᠷᠠᠯ ᠶᠢᠡᠷ ᠪᠢᠯᠸᠲ ᠦᠭ᠍ᠴᠦ ᠪᠠᠳ᠋ᠤᠯᠠᠭᠰᠠᠨ 2021 ᠤᠨ ᠤ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢᠯ ᠢ ᠲᠤᠬᠠᠢ ᠶᠢᠨ ᠲᠠᠯᠠᠪᠤᠷ ᠲᠤ ᠨᠢ ᠪᠠᠢ᠌ᠴᠠᠭᠠᠪᠠ᠃

ᠲᠤᠬᠠᠢ ᠶᠢᠨ ᠲᠠᠯᠠᠪᠤᠷ ᠲᠤ ᠨᠢ ᠪᠠᠢ᠌ᠴᠠᠭᠠᠵᠤ ᠲᠠᠭᠤᠰᠤᠭᠰᠠᠨ ᠤ ᠲᠠᠷᠠᠭ᠎ᠠ᠂ ᠰᠠᠭᠤᠳ᠋ᠠᠯ ᠤᠨ ᠬᠤᠷᠠᠯ ᠬᠤᠷᠠᠯᠳ᠋ᠤᠭᠤᠯᠤᠨ᠂ ᠬᠤᠰᠢᠭᠤᠨ ᠤ ᠨᠠᠮ ᠤᠨ ᠬᠤᠷᠢᠶᠠᠨ ᠤ ᠪᠠᠢ᠌ᠩᠭ᠋ᠤ ᠶᠢᠨ ᠭᠡᠰᠢᠭᠦᠨ᠂ ᠬᠤᠰᠢᠭᠤᠨ ᠲᠡᠳ᠋ ᠲᠠᠷᠤᠭ᠎ᠠ ᠪᠠᠳ᠋ᠤ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠢ ᠲᠦ᠋ᠯᠦᠭᠡᠯᠡᠨ 2021 ᠤᠨ ᠤ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢᠯ ᠤᠨ ᠠᠬᠢᠴᠡ ᠶᠢᠨ ᠪᠠᠢ᠌ᠳ᠋ᠠᠯ ᠢ ᠬᠠᠷᠢᠭᠤ ᠮᠡᠳ᠋ᠡᠭᠦᠯᠪᠡ᠃ ᠬᠤᠷᠠᠯ ᠳᠤ ᠤᠷᠤᠯᠴᠠᠭᠰᠠᠨ ᠠᠷᠠᠳ ᠤᠨ ᠲᠦ᠋ᠯᠦᠭᠡᠯᠡᠭ᠍ᠴᠢᠳ 2021 ᠤᠨ ᠤ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢᠯ ᠤᠨ ᠪᠦᠳ᠋ᠦᠭᠡᠨ ᠪᠠᠢ᠌ᠭᠤᠯᠤᠯᠳ᠋ᠠ ᠶᠢᠨ ᠤᠯᠤᠭᠰᠠᠨ ᠠᠮᠵᠢᠯᠳ᠋ᠠ ᠶᠢ ᠨᠤᠳ᠋ᠠᠯᠠᠬᠤ ᠶᠢᠨ ᠬᠠᠮᠳ᠋ᠤ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢᠯ ᠤᠨ ᠪᠦᠳ᠋ᠦᠭᠡᠨ ᠪᠠᠢ᠌ᠭᠤᠯᠤᠯᠳ᠋ᠠ ᠶᠢ ᠤᠯᠠᠮ ᠨᠢᠭᠡ ᠠᠯᠬᠤᠮ ᠲᠦ᠋ᠷᠭᠡᠳᠭᠡᠨ ᠠᠬᠢᠭᠤᠯᠬᠤ ᠲᠤᠬᠠᠢ ᠪᠤᠳ᠋ᠠᠳ᠋ᠠᠢ ᠰᠠᠨᠠᠯ ᠲᠤᠷᠠᠳᠪᠠ᠃


ᠪᠠᠢ᠌ᠴᠠᠭᠠᠬᠤ ᠲᠤᠭᠤᠢ᠌ᠯᠠᠩ ᠡᠴᠡ᠂ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠠᠷᠠᠳ ᠤᠨ ᠠᠮᠢᠳ᠋ᠤᠷᠠᠯ ᠢ ᠪᠠᠳ᠋ᠤᠯᠠᠨ ᠰᠠᠢ᠌ᠵᠢᠷᠠᠭᠤᠯᠬᠤ ᠶᠢ ᠠᠵᠢᠯ ᠤᠨ ᠡᠬᠢᠯᠡᠯᠳ᠋ᠡ ᠶᠢᠨ ᠴᠡᠭ᠌ ᠪᠠ ᠲᠡᠭᠦᠰᠭᠡᠯ ᠤᠨ ᠴᠡᠭ᠌ ᠪᠤᠯᠭᠠᠨ᠂ ᠡᠯ᠎ᠠ ᠲᠦ᠋ᠷᠦᠯ ᠤᠨ ᠠᠷᠠᠳ ᠤᠨ ᠠᠮᠢᠳ᠋ᠤᠷᠠᠯ ᠤᠨ ᠢᠨᠵᠢᠨᠧᠷᠢᠩ ᠢ ᠢᠳ᠋ᠡᠪᠬᠢᠳ᠋ᠠᠢ ᠬᠡᠷᠡᠭ᠍ᠵᠢᠭᠦᠯᠵᠦ᠂ ᠠᠷᠠᠳ ᠤᠨ ᠠᠮᠢᠳ᠋ᠤᠷᠠᠯ ᠤᠨ ᠬᠦᠷᠢᠶ᠎ᠠ ᠴᠠᠷᠠᠭ᠎ᠠ ᠳ᠋ᠡᠬᠢ ᠡᠯ᠎ᠠ ᠠᠰᠠᠭᠤᠳ᠋ᠠᠯ ᠢ ᠴᠠᠭ ᠲᠤᠬᠠᠢ ᠳ᠋ᠤᠨᠢ ᠵᠤᠬᠢᠴᠠᠭᠤᠯᠤᠨ ᠰᠢ᠌ᠳᠪᠦᠷᠢᠯᠡᠵᠦ᠂ ᠤᠯᠠᠨ ᠲᠦ᠋ᠮᠡᠨ ᠤ ᠬᠦᠷᠳ᠋ᠡᠮᠵᠢ ᠶᠢᠨ ᠲᠦ᠋ᠷᠦᠭ᠍ᠳ᠋ᠡᠯ ᠪᠠ ᠵᠤᠯ ᠵᠢᠷᠭᠠᠯᠳ᠋ᠤ ᠲᠦ᠋ᠷᠦᠭ᠍ᠳ᠋ᠡᠯ ᠢ ᠦᠨᠡᠨ ᠬᠦ ᠨᠡᠮᠡᠭ᠍ᠳ᠋ᠡᠭᠦᠯᠬᠦ ᠬᠡᠷᠡᠭ᠍ᠳ᠋ᠠᠢ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠬᠢᠨᠠᠯᠳ᠋ᠠ ᠲᠠᠯᠪᠢᠬᠤ ᠡᠷᠴᠢᠮ ᠶᠢᠡᠨ ᠦᠷᠭᠦᠯᠵᠢᠯᠡᠨ ᠴᠢᠩᠭ᠋ᠠᠷᠠᠭᠤᠯᠤᠨ᠂ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢᠯ ᠢ ᠪᠡᠶᠡᠯᠡᠭᠦᠯᠦᠭ᠍ᠰᠡᠨ ᠪᠠᠢ᠌ᠳ᠋ᠠᠯ ᠢ ᠵᠠᠰᠠᠭ ᠤᠨ ᠤᠷᠳ᠋ᠤᠨ ᠤ ᠰᠠᠯᠠᠭ᠎ᠠ ᠮᠦ᠋ᠴᠢᠷ ᠲᠤ ᠦᠨᠡᠯᠡᠯᠳ᠋ᠡ ᠬᠢᠬᠦ ᠴᠢᠬᠤᠯᠠ ᠠᠭᠤᠯᠭ᠎ᠠ ᠪᠤᠯᠭᠠᠵᠤ᠂ ᠴᠠᠭ ᠲᠤᠬᠠᠢ ᠳ᠋ᠤᠨᠢ ᠰᠠᠯᠠᠭ᠎ᠠ ᠮᠦ᠋ᠴᠢᠷ ᠤᠨ ᠭᠤᠤᠯ ᠬᠠᠷᠢᠭᠤᠴᠠᠯᠭᠠᠳ᠋ᠠᠨ ᠤ ᠲᠤᠰᠢᠶᠠᠯ ᠲᠤᠭᠠᠴᠢᠯᠳ᠋ᠠ ᠶᠢᠨ ᠮᠡᠳ᠋ᠡᠭᠦᠯᠦᠯᠳ᠋ᠡ ᠶᠢ ᠰᠤᠨᠤᠰᠬᠤ ᠶᠢᠨ ᠬᠠᠮᠳ᠋ᠤ ᠬᠠᠨᠤᠮᠵᠢ ᠶᠢᠨ ᠬᠡᠮᠵᠢᠶ᠎ᠠ ᠶᠢᠨ ᠦᠨᠡᠯᠡᠯᠳ᠋ᠡ ᠬᠢᠵᠦ᠂ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢᠯ ᠢ ᠨᠠᠢ᠌ᠳ᠋ᠠᠪᠤᠷᠢᠵᠢᠭᠤᠯᠤᠨ ᠦᠷ᠎ᠠ ᠪᠦᠳ᠋ᠦᠮᠵᠢ ᠭᠠᠷᠭᠠᠬᠤ ᠶᠢ ᠠᠬᠢᠭᠤᠯᠬᠤ ᠬᠡᠷᠡᠭ᠍ᠳ᠋ᠠᠢ ᠭᠡᠵᠦ ᠴᠢᠩᠭ᠋ᠠᠳᠬᠠᠪᠠ᠃ (ᠯᠸᠢ ᠫᠠᠩ)