ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠯᠦ᠋ᠪᠸᠢ ᠵᠡᠭᠡᠯᠢ ᠭᠤᠳ᠋ᠤᠮᠵᠢ ᠶᠢᠨ ᠰᠢᠩ ᠬᠤᠸᠠ ᠨᠡᠢ᠌ᠭᠡᠮ ᠲᠤᠭᠤᠷᠢᠭ ᠲᠤ ᠭᠦᠨᠵᠡᠭᠡᠢ᠌ᠷᠡᠨ ᠬᠠᠮᠳ᠋ᠤᠪᠠᠷ ᠰᠠᠭᠤᠵᠤ ᠬᠠᠮᠳ᠋ᠤᠪᠠᠷ ᠪᠠᠢ᠌ᠭᠤᠯᠬᠤ ᠠᠵᠢᠯᠯᠠᠭ᠎ᠠ ᠦᠷᠨᠢᠭᠦᠯᠪᠡ

9 ᠰᠠᠷ᠎ᠠ ᠶᠢᠨ 27 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠰᠠᠢ᠌ᠨ ᠲᠤᠷ᠎ᠠ ᠶᠢᠨ ᠦᠢᠯᠡᠴᠢᠯᠡᠭᠡᠨ ᠤ ᠠᠩᠭᠢ ᠰᠢᠩ ᠬᠤᠸᠠ ᠨᠡᠢ᠌ᠭᠡᠮ ᠲᠤᠭᠤᠷᠢᠭ ᠲᠡᠶ ᠬᠠᠮᠳ᠋ᠤᠷᠠᠨ《ᠲᠤᠮᠳ᠋ᠠᠳ᠋ᠤ ᠶᠢᠨ ᠦᠨᠳ᠋ᠦᠰᠦᠳ᠋ᠡᠨ ᠤ ᠬᠠᠮᠳ᠋ᠤ ᠴᠤᠭᠴᠠ ᠶᠢᠨ ᠤᠬᠠᠮᠰᠡᠷ ᠢ ᠪᠠᠳ᠋ᠤ ᠴᠤᠭᠴᠠᠯᠠᠨ᠂ ᠦᠨᠳ᠋ᠦᠰᠦᠳ᠋ᠡᠨ ᠤ ᠪᠦᠯᠬᠦᠮᠳ᠋ᠡᠯ ᠡᠶ᠎ᠠ ᠵᠤᠬᠢᠴᠠᠩᠭ᠋ᠤᠢ ᠬᠦᠭ᠍ᠵᠢᠯᠳ᠋ᠡ ᠶᠢ ᠠᠬᠢᠭᠤᠯᠬᠤ》ᠤᠨᠤᠯ ᠤᠨ ᠮᠡᠳ᠋ᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠵᠢᠴᠢ ᠬᠠᠮᠳ᠋ᠤᠪᠠᠷ ᠰᠠᠭᠤᠵᠤ ᠬᠠᠮᠳ᠋ᠤᠪᠠᠷ ᠪᠠᠢ᠌ᠭᠤᠯᠬᠤ ᠠᠵᠢᠯᠯᠠᠭ᠎ᠠ ᠦᠷᠨᠢᠭᠦᠯᠵᠦ᠂ ᠨᠠᠮ ᠤᠨ ᠦᠨᠳ᠋ᠦᠰᠦᠳ᠋ᠡᠨ ᠤ ᠲᠦ᠋ᠷᠦ ᠶᠢᠨ ᠪᠤᠳ᠋ᠤᠯᠭ᠎ᠠ ᠶᠢ ᠤᠬᠠᠭᠤᠯᠤᠨ᠂ ᠺᠠᠳ᠋ᠷ ᠤᠯᠠᠨ ᠲᠦ᠋ᠮᠡᠨ ᠢ ᠬᠦᠮᠦᠵᠢᠭᠦᠯᠦᠨ ᠵᠢᠯᠤᠭᠤᠳᠴᠦ ᠦᠨᠳ᠋ᠦᠰᠦᠳ᠋ᠡᠨ ᠤ ᠪᠦᠯᠬᠦᠮᠳ᠋ᠡᠯ ᠤᠨ ᠤᠬᠠᠮᠰᠡᠷ ᠢ ᠲᠡᠭᠡᠭ᠍ᠰᠢᠯᠡᠭᠦᠯᠵᠦ᠂ ᠦᠨᠳ᠋ᠦᠰᠦᠳ᠋ᠡᠨ ᠨᠤᠭᠦᠳ ᠤᠨ ᠠᠷᠠᠳ ᠲᠦ᠋ᠮᠡᠨ ᠬᠤᠪᠢ ᠵᠠᠶᠠᠭ᠎ᠠ ᠪᠠᠨ ᠬᠠᠮᠳ᠋ᠤᠳᠬᠠᠨ᠂ ᠰᠡᠳᠭᠢᠯ ᠶᠢᠡᠨ ᠨᠢᠭᠡᠳᠭᠡᠨ ᠬᠦᠴᠦ ᠪᠠᠨ ᠬᠠᠮᠳ᠋ᠤᠳᠬᠠᠵᠤ᠂ ᠪᠦᠬᠦ ᠬᠤᠰᠢᠭᠤᠨ ᠤ ᠠᠵᠤ ᠠᠬᠤᠢ ᠨᠡᠢ᠌ᠭᠡᠮ ᠤᠨ ᠴᠢᠨᠠᠷ ᠰᠠᠢ᠌ᠳ᠋ᠠᠢ ᠬᠦᠭ᠍ᠵᠢᠯᠳ᠋ᠡ ᠶᠢ ᠠᠬᠢᠭᠤᠯᠪᠠ᠃

ᠰᠢᠩ ᠬᠤᠸᠠ ᠨᠡᠢ᠌ᠭᠡᠮ ᠲᠤᠭᠤᠷᠢᠭ ᠲᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠰᠠᠢ᠌ᠨ ᠲᠤᠷ᠎ᠠ ᠶᠢᠨ ᠦᠢᠯᠡᠴᠢᠯᠡᠭᠡᠨ ᠤ ᠠᠩᠭᠢ ᠨᠡᠢ᠌ᠭᠡᠮ ᠲᠤᠭᠤᠷᠢᠭ ᠤᠨ ᠰᠠᠭᠤᠭᠠᠯᠢ ᠠᠷᠠᠳ ᠲᠤ《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠨᠡᠢ᠌ᠳ᠋ᠡᠮ ᠬᠡᠷᠡᠭᠯᠡᠭᠦ ᠦᠭᠡ ᠬᠡᠯᠡ ᠦᠰᠦᠭ᠌ ᠪᠢᠴᠢᠭ᠌ ᠤᠨ ᠬᠠᠦᠯᠢ》᠂《ᠦᠪᠦᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠤ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠶᠢ ᠠᠬᠢᠭᠤᠯᠬᠤ ᠲᠦ᠋ᠷᠢᠮ》ᠮᠤᠩᠭ᠋ᠤᠯ ᠬᠢᠳ᠋ᠠᠳ ᠬᠤᠤᠰ ᠬᠡᠯᠡᠨ ᠤ ᠤᠬᠠᠭᠤᠯᠭ᠎ᠠ ᠶᠢᠨ ᠲᠡᠪᠳ᠋ᠡᠷ ᠢ ᠲᠠᠷᠬᠠᠭᠠᠨ᠂ ᠰᠠᠭᠤᠭᠠᠯᠢ ᠠᠷᠠᠳ ᠲᠤ ᠨᠠᠮ ᠤᠨ ᠦᠨᠳ᠋ᠦᠰᠦᠳ᠋ᠡᠨ ᠤ ᠲᠦ᠋ᠷᠦ ᠶᠢᠨ ᠪᠤᠳ᠋ᠤᠯᠭ᠎ᠠ ᠶᠢ ᠨᠡᠩ ᠤᠢ᠌ᠷ᠎ᠠ ᠵᠠᠢ ᠡᠴᠡ ᠰᠤᠷᠤᠯᠴᠡᠨ ᠤᠢ᠌ᠯᠠᠭᠠᠭᠤᠯᠵᠤ᠂ ᠦᠨᠳ᠋ᠦᠰᠦᠳ᠋ᠡᠨ ᠤ ᠪᠦᠯᠬᠦᠮᠳ᠋ᠡᠯ ᠲᠠᠪᠰᠢᠯᠳ᠋ᠡ ᠵᠢ ᠤᠯᠠᠮ ᠨᠢᠭᠡ ᠠᠯᠬᠤᠮ ᠬᠦᠨᠵᠡᠭᠡᠢ᠌ᠷᠡᠭᠦᠯᠦᠨ᠂ ᠲᠤᠮᠳ᠋ᠠᠳ᠋ᠤ ᠶᠢᠨ ᠦᠨᠳ᠋ᠦᠰᠦᠳ᠋ᠡᠨ ᠤ ᠬᠠᠮᠳ᠋ᠤ ᠴᠤᠭᠴᠠ ᠶᠢᠨ ᠤᠬᠠᠮᠰᠡᠷ ᠢ ᠪᠠᠳ᠋ᠤ ᠴᠤᠭᠴᠠᠯᠠᠪᠠ᠃ (ᠯᠸᠢ ᠫᠠᠩ)