ᠵᠠᠷᠤᠳ ᠬᠤᠰᠢᠭᠤᠨ ᠤ ᠬᠡᠷᠡᠭ᠌ ᠶᠢᠡᠷ ᠦᠭᠡᠷᠡᠴᠢᠯᠡᠯᠳ᠋ᠡ ᠶᠢ ᠠᠬᠢᠭᠤᠯᠬᠤ ᠲᠤᠰᠬᠠᠢ ᠠᠵᠢᠯᠯᠠᠭ᠎ᠠ ᠶᠢᠨ ᠦᠷ᠎ᠠ ᠪᠦᠳ᠋ᠦᠮᠵᠢ ᠶᠢ ᠬᠢᠨᠠᠨ ᠵᠢᠯᠤᠭᠤᠳᠬᠤ ᠲᠤᠭᠤᠢ᠌ᠯᠠᠩ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠦ᠋ᠴᠢᠷ ᠲᠤ ᠬᠦᠷᠴᠦ ᠠᠵᠢᠯ ᠬᠢᠨᠠᠨ ᠵᠢᠯᠤᠭᠤᠳᠪᠠ
9 ᠰᠠᠷ᠎ᠠ ᠶᠢᠨ 29 ᠤ ᠡᠳ᠋ᠦᠷ᠂ ᠵᠠᠷᠤᠳ ᠬᠤᠰᠢᠭᠤᠨ ᠤ ᠬᠡᠷᠡᠭ᠌ ᠶᠢᠡᠷ ᠦᠭᠡᠷᠡᠴᠢᠯᠡᠯᠳ᠋ᠡ ᠶᠢ ᠠᠬᠢᠭᠤᠯᠬᠤ ᠲᠤᠰᠬᠠᠢ ᠠᠵᠢᠯᠯᠠᠭ᠎ᠠ ᠶᠢᠨ ᠦᠷ᠎ᠠ ᠪᠦᠳ᠋ᠦᠮᠵᠢ ᠶᠢ ᠬᠢᠨᠠᠨ ᠵᠢᠯᠤᠭᠤᠳᠬᠤ ᠨᠢᠭᠡᠳ᠋ᠦᠭᠡᠷ ᠲᠤᠭᠤᠢ᠌ᠯᠠᠩ ᠤᠨ ᠲᠠᠷᠤᠭ᠎ᠠ ᠡᠦ ᠴᠢᠩ ᠬᠠᠢ᠂ ᠲᠡᠳ᠋ ᠲᠤᠭᠤᠢ᠌ᠯᠠᠩ ᠤᠨ ᠲᠠᠷᠤᠭ᠎ᠠ ᠼᠦ᠋ᠢ ᠯᠸᠢ ᠯᠸᠢ ᠲᠤᠰ ᠲᠤᠰ ᠬᠤᠰᠢᠭᠤᠨ ᠤ ᠠᠷᠠᠳ ᠤᠨ ᠶᠠᠪᠤᠳ᠋ᠠᠯ ᠤᠨ ᠲᠤᠪᠴᠢᠶ᠎ᠠ᠂ ᠰᠤᠷᠭᠠᠨ ᠬᠦᠮᠦᠵᠢᠯ ᠪᠡᠶ᠎ᠠ ᠲᠠᠮᠢᠷ ᠤᠨ ᠲᠤᠪᠴᠢᠶ᠎ᠠ᠂ ᠵᠠᠬ᠎ᠠ ᠲᠡᠯᠭᠡᠭᠦᠷ ᠤᠨ ᠬᠢᠨᠠᠯᠳ᠋ᠠ ᠬᠠᠮᠢᠶᠠᠷᠤᠯᠳ᠋ᠠ ᠶᠢᠨ ᠲᠤᠪᠴᠢᠶ᠎ᠠ᠂ ᠬᠦᠭ᠍ᠵᠢᠭᠦᠯᠦᠯᠳ᠋ᠡ ᠪᠠ ᠦᠭᠡᠷᠡᠴᠢᠯᠡᠯᠳ᠋ᠡ ᠶᠢᠨ ᠵᠦ᠋ᠪᠯᠡᠯ᠂ ᠠᠵᠤ ᠦᠢᠯᠡᠳᠪᠦᠷᠢ ᠮᠡᠳ᠋ᠡᠭᠡ ᠵᠠᠩᠭᠢᠴᠢᠯᠠᠯᠳ᠋ᠠ ᠪᠠ ᠰᠢᠨᠵᠢᠯᠡᠭᠡ ᠮᠡᠷᠭᠡᠵᠢᠯ ᠤᠨ ᠲᠤᠪᠴᠢᠶ᠎ᠠ᠂ ᠪᠠᠴᠢᠮ ᠪᠠᠢ᠌ᠳ᠋ᠠᠯ ᠢ ᠠᠷᠭᠠᠴᠠᠬᠤ ᠬᠠᠮᠢᠶᠠᠷᠤᠯᠳ᠋ᠠ ᠶᠢᠨ ᠲᠤᠪᠴᠢᠶ᠎ᠠ᠂ ᠵᠠᠷᠤᠳ ᠬᠤᠰᠢᠭᠤᠨ ᠤ ᠲᠤᠮᠤ ᠳ᠋ᠠᠢ᠌ᠲ᠋ᠠ ᠶᠢᠨ ᠲᠦ᠋ᠪ ᠲᠤ ᠬᠦᠷᠴᠦ ᠬᠡᠷᠡᠭ᠌ ᠶᠢᠡᠷ ᠦᠭᠡᠷᠡᠴᠢᠯᠡᠯᠳ᠋ᠡ ᠶᠢ ᠠᠬᠢᠭᠤᠯᠬᠤ ᠠᠵᠢᠯ ᠢ ᠬᠢᠨᠠᠨ ᠵᠢᠯᠤᠭᠤᠳᠪᠠ᠃

ᠬᠢᠨᠠᠨ ᠵᠢᠯᠤᠭᠤᠳᠬᠤ ᠲᠤᠭᠤᠢ᠌ᠯᠠᠩ ᠬᠠᠷᠢᠭᠤ ᠮᠡᠳ᠋ᠡᠭᠦᠯᠦᠯᠳ᠋ᠡ ᠶᠢ ᠰᠤᠨᠤᠰᠬᠤ᠂ ᠰᠠᠭᠤᠳ᠋ᠠᠯ ᠤᠨ ᠬᠤᠷᠠᠯ ᠬᠤᠷᠠᠯᠳ᠋ᠤᠭᠤᠯᠬᠤ᠂ ᠲᠠᠩᠰᠠ ᠡᠪᠬᠡᠮᠡᠯ ᠢ ᠪᠠᠢ᠌ᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠲᠠᠮᠵᠢᠨ ᠡᠯ᠎ᠠ ᠰᠠᠯᠠᠭ᠎ᠠ ᠮᠦ᠋ᠴᠢᠷ ᠤᠨ ᠬᠡᠷᠡᠭ᠌ ᠶᠢᠡᠷ ᠦᠭᠡᠷᠡᠴᠢᠯᠡᠯᠳ᠋ᠡ ᠶᠢ ᠠᠬᠢᠭᠤᠯᠬᠤ ᠠᠵᠢᠯ ᠦᠷᠨᠢᠭᠦᠯᠦᠭ᠍ᠰᠡᠨ ᠪᠠᠢ᠌ᠳ᠋ᠠᠯ ᠢ ᠨᠠᠷᠢᠯᠢᠭ ᠤᠢ᠌ᠯᠠᠭᠠᠬᠤ ᠶᠢᠨ ᠬᠠᠮᠳ᠋ᠤ ᠲᠠᠷᠠᠭᠠᠴᠢ ᠶᠢᠨ ᠠᠯᠬᠤᠮ ᠤᠨ ᠠᠵᠢᠯ ᠳᠤ ᠵᠢᠯᠤᠭᠤᠳᠬᠤ ᠰᠠᠨᠠᠯ ᠲᠤᠷᠠᠳᠪᠠ᠃

ᠬᠢᠨᠠᠨ ᠵᠢᠯᠤᠭᠤᠳᠬᠤ ᠲᠤᠭᠤᠢ᠌ᠯᠠᠩ ᠡᠴᠡ᠂ ᠡᠯ᠎ᠠ ᠰᠠᠯᠠᠭ᠎ᠠ ᠮᠦ᠋ᠴᠢᠷ ᠤᠯᠤᠰ ᠲᠦ᠋ᠷᠦ ᠶᠢᠨ ᠵᠤᠭᠰᠤᠴᠠ ᠪᠠᠨ ᠤᠯᠠᠮ ᠨᠢᠭᠡ ᠠᠯᠬᠤᠮ ᠲᠡᠭᠡᠭ᠍ᠰᠢᠯᠡᠭᠦᠯᠦᠨ᠂ ᠬᠡᠷᠡᠭ᠌ ᠶᠢᠡᠷ ᠦᠭᠡᠷᠡᠴᠢᠯᠡᠯᠳ᠋ᠡ ᠶᠢ ᠠᠬᠢᠭᠤᠯᠬᠤ ᠠᠵᠢᠯ ᠢ ᠤᠳ᠋ᠤᠬᠠᠨ ᠤ ᠴᠢᠬᠤᠯᠠ ᠤᠯᠤᠰ ᠲᠦ᠋ᠷᠦ ᠶᠢᠨ ᠡᠭᠦᠷᠭᠡ ᠪᠤᠯᠭᠠᠵᠤ᠂ ᠬᠡᠷᠡᠭ᠌ ᠶᠢᠡᠷ ᠦᠭᠡᠷᠡᠴᠢᠯᠡᠯᠳ᠋ᠡ ᠶᠢ ᠠᠬᠢᠭᠤᠯᠬᠤ ᠠᠵᠢᠯ ᠤᠨ ᠬᠠᠷᠠᠯᠳ᠋ᠠ ᠱᠠᠭᠠᠷᠳ᠋ᠠᠯᠭ᠎ᠠ ᠪᠠ ᠭᠤᠤᠯᠳ᠋ᠠᠯᠭ᠎ᠠ ᠲᠡᠶ ᠡᠭᠦᠷᠭᠡ ᠶᠢ ᠴᠢᠩᠭ᠎ᠠ ᠠᠩᠬᠠᠷᠤᠨ᠂ ᠠᠵᠢᠯ ᠤᠨ ᠲᠦ᠋ᠰᠦᠯ ᠶᠢᠡᠨ ᠨᠠᠷᠢᠯᠢᠭᠵᠢᠭᠤᠯᠵᠤ᠂ ᠬᠠᠷᠢᠭᠤᠴᠠᠯᠭ᠎ᠠ ᠪᠠᠨ ᠲᠤᠳ᠋ᠤᠷᠬᠠᠢ ᠬᠤᠪᠢᠶᠠᠷᠢᠯᠡᠨ᠂ ᠬᠢᠨᠠᠨ ᠵᠢᠯᠤᠭᠤᠳᠬᠤ ᠪᠠᠨ ᠴᠢᠩᠭ᠋ᠠᠳᠬᠠᠵᠤ᠂ ᠡᠮᠬᠢ ᠵᠢᠷᠤᠮ ᠲᠡᠶ ᠬᠦᠴᠦᠳ᠋ᠠᠢ ᠲᠦ᠋ᠯᠬᠢᠨ ᠠᠬᠢᠭᠤᠯᠬᠤ ᠬᠡᠷᠡᠭ᠍ᠳ᠋ᠠᠢ᠃ ᠤᠯᠤᠰ ᠲᠦ᠋ᠷᠦ ᠶᠢᠨ ᠬᠠᠷᠢᠭᠤᠴᠠᠯᠭ᠎ᠠ ᠶᠢ ᠪᠤᠳ᠋ᠠᠳ᠋ᠠᠢ᠌ᠵᠢᠭᠤᠯᠤᠨ᠂ ᠵᠠᠩᠭᠢᠯᠠᠭ᠎ᠠ ᠶᠢᠨ ᠴᠦ᠋ᠬᠡᠨ ᠲᠤᠭᠠᠳ᠋ᠠᠨ᠂ ᠵᠢᠱᠢᠶᠠᠴᠢ ᠲᠠᠭᠤᠷᠢᠶᠠᠯ ᠤᠨ ᠦᠢᠯᠡᠳ᠋ᠦᠯ ᠢ ᠰᠠᠢ᠌ᠳ᠋ᠤᠷ ᠪᠠᠳ᠋ᠠᠷᠠᠭᠤᠯᠬᠤ ᠬᠡᠷᠡᠭ᠍ᠳ᠋ᠠᠢ᠃ ᠰᠠᠯᠠᠭ᠎ᠠ ᠮᠦ᠋ᠴᠢᠷ ᠤᠨ ᠭᠤᠤᠯ ᠬᠠᠷᠢᠭᠤᠴᠠᠯᠭᠠᠳ᠋ᠠᠨ ᠦᠪᠡᠷ ᠤᠨ ᠪᠡᠶ᠎ᠠ ᠪᠠᠷ ᠶᠢᠡᠨ ᠠᠰᠠᠭᠤᠨ ᠪᠠᠢ᠌ᠷᠢᠯᠠᠭᠤᠯᠵᠤ᠂ ᠠᠵᠢᠯ ᠶᠢᠡᠨ ᠲᠦ᠋ᠯᠬᠢᠨ ᠠᠬᠢᠭᠤᠯᠵᠤ᠂ ᠤᠳ᠋ᠤᠷᠢᠳᠬᠤ ᠪᠠᠭ ᠤᠨ ᠭᠡᠰᠢᠭᠦᠨ ᠲᠤᠰ ᠪᠡᠶ᠎ᠠ ᠪᠠ ᠬᠠᠮᠢᠶᠠᠷᠤᠨ ᠬᠠᠷᠢᠶᠠᠯᠠᠬᠤ ᠬᠡᠪᠴᠢᠶᠠᠨ ᠳ᠋ᠡᠬᠢ ᠬᠡᠷᠡᠭ᠌ ᠶᠢᠡᠷ ᠦᠭᠡᠷᠡᠴᠢᠯᠡᠯᠳ᠋ᠡ ᠶᠢ ᠠᠬᠢᠭᠤᠯᠬᠤ ᠠᠵᠢᠯ ᠢ ᠲᠦ᠋ᠷᠦᠭᠦᠯᠡᠨ ᠰᠠᠢ᠌ᠳ᠋ᠤᠷ ᠠᠳᠬᠤᠬᠤ ᠬᠡᠷᠡᠭ᠍ᠳ᠋ᠠᠢ᠃ ᠬᠡᠷᠡᠭ᠌ ᠶᠢᠡᠷ ᠦᠭᠡᠷᠡᠴᠢᠯᠡᠯᠳ᠋ᠡ ᠶᠢ ᠠᠬᠢᠭᠤᠯᠬᠤ ᠲᠤᠰᠬᠠᠢ ᠠᠵᠢᠯᠯᠠᠭ᠎ᠠ ᠦᠷᠨᠢᠭᠦᠯᠬᠦ ᠪᠠᠷ ᠠᠵᠠ ᠲᠤᠬᠢᠶᠠᠯ ᠪᠤᠯᠭᠠᠨ᠂ ᠰᠠᠯᠠᠭ᠎ᠠ ᠮᠦ᠋ᠴᠢᠷ ᠤᠨ ᠴᠢᠬᠤᠯᠠ ᠶᠡᠬᠡ ᠲᠦ᠋ᠷᠦᠯ ᠵᠦ᠋ᠢᠯ᠂ ᠴᠢᠬᠤᠯᠠ ᠢᠨᠵᠢᠨᠧᠷᠢᠩ ᠤᠨ ᠪᠦᠳ᠋ᠦᠭᠡᠨ ᠪᠠᠢ᠌ᠭᠤᠯᠤᠯᠳ᠋ᠠ ᠵᠡᠷᠭᠡ ᠲᠠᠯ᠎ᠠ ᠳᠤ 《 ᠡᠷᠭᠢᠵᠦ ᠬᠠᠷᠠᠨ》᠂ ᠤᠷᠤᠰᠢᠵᠤ ᠪᠠᠢ᠌ᠬᠤ ᠠᠰᠠᠭᠤᠳ᠋ᠠᠯ ᠢ ᠴᠠᠭ ᠲᠤᠬᠠᠢ ᠳ᠋ᠤᠨᠢ ᠪᠠᠢ᠌ᠴᠠᠭᠠᠨ ᠨᠦ᠋ᠬᠦᠪᠦᠷᠢᠯᠡᠬᠦ ᠬᠡᠷᠡᠭ᠍ᠳ᠋ᠠᠢ᠃ ᠠᠵᠢᠯ ᠤᠨ ᠰᠤᠷᠳ᠋ᠠᠯ ᠶᠢᠡᠨ ᠬᠤᠪᠢᠷᠠᠭᠤᠯᠤᠨ᠂ ᠲᠦ᠋ᠷᠢᠮ ᠲᠤᠭᠳ᠋ᠠᠴᠠ ᠶᠢᠡᠨ ᠲᠡᠭᠦᠯᠳ᠋ᠡᠷᠵᠢᠭᠦᠯᠵᠦ᠂ ᠦᠢᠯᠡᠴᠢᠯᠡᠭᠡᠨ ᠤ ᠬᠢᠷᠢ ᠲᠦ᠋ᠪᠰᠢᠨ ᠪᠤᠯᠤᠨ ᠠᠵᠢᠯ ᠤᠨ ᠦᠷ᠎ᠠ ᠪᠦᠳ᠋ᠦᠮᠵᠢ ᠪᠠᠨ ᠲᠡᠭᠡᠭ᠍ᠰᠢᠯᠡᠭᠦᠯᠵᠦ᠂ ᠤᠯᠠᠨ ᠲᠦ᠋ᠮᠡᠨ ᠤ ᠲᠤᠰᠬᠠᠬᠰᠠᠨ ᠬᠠᠯᠠᠮᠰᠢᠯ ᠠᠰᠠᠭᠤᠳ᠋ᠠᠯ ᠬᠦᠴᠢᠷ ᠠᠰᠠᠭᠤᠳ᠋ᠠᠯ ᠢ ᠨᠠᠷᠢᠨ ᠬᠢᠨᠠᠮᠠᠭᠠᠢ ᠰᠢ᠌ᠳᠪᠦᠷᠢᠯᠡᠬᠦ ᠬᠡᠷᠡᠭ᠍ᠳ᠋ᠠᠢ᠃ ᠲᠡᠷᠢᠭᠦᠨ ᠤ ᠨᠡᠢ᠌ᠳ᠋ᠡᠯᠢᠭ᠌ ᠵᠢᠱᠢᠶ᠎ᠠ ᠶᠢ ᠪᠤᠢ᠌ᠵᠢᠭᠤᠯᠬᠤ ᠶᠢ ᠰᠠᠢ᠌ᠳ᠋ᠤᠷ ᠠᠳᠬᠤᠨ᠂ ᠵᠢᠵᠢᠭ᠌ ᠠᠵᠢᠯ ᠤᠨ ᠲᠤᠮᠳ᠋ᠠ ᠡᠴᠡ ᠠᠭᠤᠳ᠋ᠠᠯᠵᠤ᠂ ᠤᠯᠠᠨ ᠲᠡᠰ ᠲᠠᠪᠬᠤᠷᠭ᠎ᠠ᠂ ᠤᠯᠠᠨ ᠬᠠᠷᠠᠭᠠᠰᠤ᠂ ᠤᠯᠠᠨ ᠠᠷᠭ᠎ᠠ ᠵᠠᠮ ᠶᠢᠡᠷ ᠲᠡᠷᠢᠭᠦᠨ ᠤ ᠨᠡᠢ᠌ᠳ᠋ᠡᠯᠢᠭ᠌ ᠵᠢᠱᠢᠶ᠎ᠠ ᠦᠵᠡᠭᠦᠯᠵᠦ ᠬᠦᠳ᠋ᠦᠯᠦᠨ ᠲᠠᠭᠠᠭᠤᠯᠬᠤ ᠪᠠᠷ ᠭᠦᠳ᠋ᠡᠯᠦᠩᠭᠦᠢ ᠪᠤᠯᠭᠠᠵᠤ᠂ ᠺᠠᠳ᠋ᠷ ᠠᠵᠢᠯᠳ᠋ᠡᠨ ᠵᠤᠷᠢᠭᠳ᠋ᠠᠢ ᠪᠠᠷ ᠬᠠᠷᠢᠭᠤᠴᠠᠯᠭ᠎ᠠ ᠪᠠᠨ ᠡᠭᠦᠷᠭᠡᠯᠡᠬᠦ᠂ ᠦᠨᠡᠨᠴᠢ ᠰᠢᠳ᠋ᠤᠷᠭᠤ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠢ ᠵᠤᠷᠢᠭᠵᠢᠭᠤᠯᠤᠨ᠂ ᠬᠡᠷᠡᠭ᠌ ᠶᠢᠡᠷ ᠦᠭᠡᠷᠡᠴᠢᠯᠡᠯᠳ᠋ᠡ ᠶᠢ ᠠᠬᠢᠭᠤᠯᠬᠤ ᠠᠵᠢᠯ ᠤᠨ ᠲᠠᠰᠤᠷᠠᠯᠳ᠋ᠠ ᠦᠭᠡᠶ ᠤᠷᠤᠭᠰᠢᠯᠠᠬᠤ ᠶᠢ ᠠᠬᠢᠭᠤᠯᠬᠤ ᠬᠡᠷᠡᠭ᠍ᠳ᠋ᠠᠢ ᠭᠡᠵᠦ ᠴᠢᠬᠤᠯᠠᠴᠢᠯᠠᠪᠠ᠃ (ᠯᠸᠢ ᠫᠠᠩ)