ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠪᠦᠬᠦ ᠺᠠᠳ᠋ᠷᠴᠤᠳ ᠤᠨ ᠶᠡᠬᠡ ᠬᠤᠷᠠᠯ ᠬᠤᠷᠠᠯᠳ᠋ᠤᠭᠤᠯᠤᠨ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠲᠦ᠋ᠩᠯᠢᠶᠤᠤ ᠬᠤᠳ᠋ᠠ ᠶᠢᠨ ᠵᠢᠷᠭᠤᠳ᠋ᠤᠭᠠᠷ ᠤᠳ᠋ᠠᠭᠠᠨ ᠤ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠡᠨ ᠰᠤᠷᠤᠯᠴᠠᠪᠠ


        

    9 ᠰᠠᠷ᠎ᠠ ᠶᠢᠨ 30 ᠤ ᠡᠳ᠋ᠦᠷ ᠤᠨ ᠦᠳ᠋ᠡ ᠶᠢᠨ ᠬᠤᠢ᠌ᠨ᠎ᠠ᠂ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠪᠦᠬᠦ ᠺᠠᠳ᠋ᠷᠴᠤᠳ ᠤᠨ ᠶᠡᠬᠡ ᠬᠤᠷᠠᠯ ᠬᠤᠷᠠᠯᠳ᠋ᠤᠭᠤᠯᠤᠨ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠲᠦ᠋ᠩᠯᠢᠶᠤᠤ ᠬᠤᠳ᠋ᠠ ᠶᠢᠨ ᠵᠢᠷᠭᠤᠳ᠋ᠤᠭᠠᠷ ᠤᠳ᠋ᠠᠭᠠᠨ ᠤ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠡᠨ ᠰᠤᠷᠤᠯᠴᠠᠵᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠭᠦᠸᠸ ᠬᠤᠷᠠᠯ ᠡᠷᠬᠢᠯᠡᠪᠡ᠃ 

        


       
          ᠬᠤᠷᠠᠯ ᠡᠴᠡ᠂ ᠡᠨᠡ ᠤᠳ᠋ᠠᠭᠠᠨ ᠤ ᠶᠡᠬᠡ ᠬᠤᠷᠠᠯ ᠪᠤᠯ《ᠬᠤᠤᠰ ᠵᠠᠭᠤᠨ ᠵᠢᠯ》 ᠤᠨ ᠲᠡᠮᠡᠴᠡᠬᠦ ᠬᠠᠷᠠᠯᠳ᠋ᠠ ᠶᠢᠨ ᠲᠡᠦᠬᠡ ᠶᠢᠨ ᠠᠭᠤᠯᠵᠠᠷ ᠲᠤ᠂《ᠠᠷᠪᠠᠨ ᠲᠦ᠋ᠷᠪᠡᠳ᠋ᠦᠭᠡᠷ ᠲᠠᠪᠤᠨ ᠵᠢᠯ》 ᠤᠨ ᠲᠦ᠋ᠯᠦᠪᠵᠢᠭᠦᠯᠭᠡ ᠶᠢ ᠪᠦᠬᠦ ᠲᠠᠯ᠎ᠠ ᠪᠡᠷ ᠭᠡᠷᠡᠭ᠍ᠵᠢᠭᠦᠯᠵᠦ᠂ ᠤᠳ᠋ᠤᠬᠢᠴᠢᠯᠠᠭᠰᠠᠨ ᠲᠦ᠋ᠩᠯᠢᠶᠤᠤ ᠶᠢᠨ ᠪᠦᠳ᠋ᠦᠭᠡᠨ ᠪᠠᠢ᠌ᠭᠤᠯᠤᠯᠳ᠋ᠠ ᠶᠢᠨ ᠰᠢᠨ᠎ᠠ ᠠᠶᠠᠨ ᠢ ᠡᠬᠢᠯᠡᠭᠦᠯᠬᠦ ᠵᠠᠩᠭᠢᠯᠠᠭ᠎ᠠ ᠶᠢᠨ ᠦᠶ᠎ᠠ ᠳᠤ ᠬᠤᠷᠠᠯᠳ᠋ᠤᠭᠰᠠᠨ ᠨᠢᠭᠡ ᠤᠳ᠋ᠠᠭᠠᠨ ᠤ ᠴᠢᠬᠤᠯᠠ ᠬᠤᠷᠠᠯ ᠪᠤᠯᠤᠨ᠎ᠠ᠃ ᠬᠤᠷᠠᠯ ᠤᠨ ᠵᠤᠷᠢᠭ ᠰᠠᠨᠠᠭ᠎ᠠ ᠬᠦᠮᠦᠰ ᠢ ᠤᠷᠮᠠᠰᠢᠯᠠᠭᠤᠯᠤᠨ ᠤᠷᠤᠭᠰᠢᠯᠠᠭᠤᠯᠵᠤ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷᠴᠣᠳ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠲᠦ᠋ᠩᠯᠢᠶᠤᠤ ᠬᠤᠳ᠋ᠠ ᠶᠢᠨ ᠵᠢᠷᠭᠤᠳ᠋ᠤᠭᠠᠷ ᠤᠳ᠋ᠠᠭ᠎ᠠ ᠶᠢᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠡᠨ ᠲᠤᠭᠤᠰᠢᠯᠠᠭᠤᠯᠬᠤ ᠶᠢ ᠤᠳ᠋ᠤᠬᠠᠨ ᠤ ᠪᠠ ᠬᠤᠢ᠌ᠰᠢᠳ᠋ᠡ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦ᠋ᠷᠦ ᠶᠢᠨ ᠡᠭᠦᠷᠭᠡ ᠪᠤᠯᠭᠠᠨ᠂ ᠵᠤᠷᠢᠭ ᠰᠠᠨᠠᠭ᠎ᠠ ᠶᠢ ᠭᠦᠨᠵᠡᠭᠡᠢ ᠰᠤᠳ᠋ᠤᠯᠤᠨ ᠯᠠᠪᠳ᠋ᠠᠭᠤᠨ ᠪᠠᠳ᠋ᠤᠳ᠋ᠠᠢ ᠤᠢ᠌ᠯᠠᠭᠠᠵᠤ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠤᠨ ᠪᠤᠳ᠋ᠠᠳ᠋ᠤ ᠪᠠᠢ᠌ᠳ᠋ᠠᠯ ᠲᠡᠶ ᠨᠢᠭᠳ᠋ᠠ ᠤᠶᠠᠯᠳ᠋ᠤᠭᠤᠯᠤᠨ᠂ ᠭᠠᠷᠳ᠋ᠠᠬᠤ ᠴᠡᠭ᠌ ᠪᠠ ᠬᠦᠷᠦᠯᠴᠡᠬᠦ ᠴᠡᠭ᠌ ᠶᠢᠡᠨ ᠤᠨᠤᠪᠴᠢᠳ᠋ᠠᠢ ᠤᠯᠵᠤ᠂ ᠰᠢᠨ᠎ᠠ ᠠᠶᠠᠨ ᠵᠠᠮ ᠳᠤ ᠰᠢᠨ᠎ᠠ ᠡᠭᠦᠷᠭᠡᠯᠡᠯ᠂ ᠰᠢᠨ᠎ᠠ ᠵᠢᠳᠭᠦᠯ ᠴᠢᠷᠮᠠᠢ᠌ᠯᠭ᠎ᠠ ᠪᠠᠨ ᠢᠯᠡᠷᠡᠭᠦᠯᠵᠦ᠂ ᠨᠠᠮ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠵᠢᠷᠤᠭᠯᠠᠭᠰᠠᠨ ᠠᠷᠭ᠎ᠠ ᠲᠦ᠋ᠰᠦᠪ ᠢ ᠦᠨᠡᠨ ᠬᠦ ᠰᠠᠢ᠌ᠨ ᠰᠠᠢ᠌ᠬᠠᠨ ᠪᠤᠳ᠋ᠠᠳ᠋ᠠᠢ ᠪᠤᠯᠭᠠᠨ ᠬᠤᠪᠢᠷᠠᠭᠤᠯᠬᠤ ᠬᠡᠷᠡᠭ᠍ᠳ᠋ᠠᠢ ᠭᠡᠵᠦ ᠵᠢᠠᠭᠵᠤ ᠭᠠᠷᠭᠠᠪᠠ᠃

       
         ᠬᠤᠷᠠᠯ ᠲᠡᠭᠡᠷ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠭᠦᠸᠸ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠠᠯᠪᠠᠨ ᠭᠡᠷ ᠤᠨ《ᠪᠦᠬᠦ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠰᠢᠰᠲ᠋ᠸᠮ ᠤᠨ〈ᠨᠠᠮ ᠤᠨ ᠲᠡᠦᠭᠡ ᠶᠢ ᠰᠤᠷᠤᠯᠴᠠᠵᠤ᠂ ᠨᠠᠮ ᠳᠠᠭᠠᠨ ᠲᠠᠯᠠᠷᠬᠠᠨ᠂ ᠨᠠᠮ ᠶᠢᠡᠨ ᠲᠠᠭᠠᠨ᠂ ᠬᠠᠷᠢᠭᠤᠴᠠᠯᠭ᠎ᠠ ᠪᠠᠨ ᠡᠭᠦᠷᠭᠡᠯᠡᠬᠦ〉ᠨᠠᠮ ᠤᠨ ᠲᠡᠦᠬᠡ ᠶᠢᠨ ᠮᠡᠳ᠋ᠡᠯᠭᠡ ᠶᠢᠨ ᠤᠷᠤᠯᠳ᠋ᠤᠭᠠᠨ ᠡᠷᠬᠢᠯᠡᠬᠦ ᠠᠵᠢᠯᠯᠠᠭ᠎ᠠ ᠶᠢᠨ ᠲᠤᠬᠠᠢ ᠮᠡᠳ᠋ᠡᠭ᠍ᠳ᠋ᠡᠯ》᠂ ᠬᠤᠰᠢᠭᠤᠨ ᠤ ᠰᠠᠬᠢᠯᠭ᠎ᠠ ᠪᠠᠳ᠋ᠤ ᠪᠠᠢ᠌ᠴᠠᠭᠠᠬᠤ ᠬᠤᠷᠢᠶᠠᠨ ᠤ《ᠲᠦ᠋ᠪ ᠬᠤᠷᠢᠶᠠᠨ ᠤ ᠨᠢ᠋ᠮᠠᠨ ᠵᠤᠷᠪᠤᠰ ᠲᠤᠭᠳ᠋ᠠᠭᠠᠯ ᠤᠨ ᠵᠤᠷᠢᠭ ᠰᠠᠨᠠᠭ᠎ᠠ ᠶᠢ ᠵᠦ᠋ᠷᠢᠴᠡᠭ᠍ᠰᠡᠨ ᠨᠡᠢ᠌ᠳ᠋ᠡᠯᠢᠭ᠌ ᠬᠡᠷᠡᠭ᠌ ᠤᠨ ᠵᠢᠱᠢᠶ᠎ᠠ ᠶᠢᠨ ᠲᠤᠬᠠᠢ ᠮᠡᠳ᠋ᠡᠭ᠍ᠳ᠋ᠡᠯ》 ᠪᠠ ᠬᠤᠰᠢᠭᠤᠨ ᠤ ᠡᠪᠡᠳᠴᠢᠨ ᠡᠮᠬᠡᠭ᠌ ᠢ ᠰᠡᠷᠭᠡᠢ᠌ᠯᠡᠨ ᠡᠵᠡᠮᠳᠡᠬᠦ ᠲᠦ᠋ᠪ ᠤᠨ ᠤᠯᠤᠰ ᠤᠨ ᠪᠠᠶᠠᠷ ᠤᠨ ᠡᠳ᠋ᠦᠷ ᠤᠨ ᠠᠮᠠᠷᠠᠯᠳ᠋ᠠ ᠶᠢᠨ ᠬᠤᠭᠤᠴᠠᠭᠠᠨ ᠳ᠋ᠡᠬᠢ ᠬᠢᠵᠢᠭ᠌ ᠢ ᠰᠡᠷᠭᠡᠢ᠌ᠯᠡᠨ ᠬᠤᠷᠢᠭᠯᠠᠬᠤ ᠰᠠᠨᠠᠭᠤᠯᠤᠮᠵᠢ ᠶᠢ ᠤᠯᠠᠮᠵᠢᠯᠠᠨ ᠲᠠᠷᠬᠠᠭᠠᠬᠤ ᠶᠢᠨ ᠬᠠᠮᠳ᠋ᠤ ᠪᠠᠰᠠ ᠤᠯᠤᠰ ᠤᠨ ᠪᠠᠶᠠᠷ ᠤᠨ ᠡᠳ᠋ᠦᠷ ᠤᠨ ᠠᠮᠠᠷᠠᠯᠳ᠋ᠠ ᠶᠢᠨ ᠬᠤᠭᠤᠴᠠᠭᠠᠨ ᠳᠤ ᠰᠠᠬᠢᠯᠭ᠎ᠠ ᠪᠠᠳ᠋ᠤ ᠶᠢ ᠤᠯᠠᠮ ᠨᠢᠭᠡ ᠠᠯᠬᠤᠮ ᠴᠢᠩᠭ᠋ᠠᠳᠬᠠᠬᠤ᠂ ᠠᠯᠪᠠᠨ ᠤ ᠲᠡᠷᠭᠡᠨ ᠤ ᠬᠠᠮᠢᠶᠠᠷᠤᠯᠳ᠋ᠠ ᠶᠢ ᠴᠢᠩᠭ᠋ᠠᠳᠬᠠᠬᠤ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠤᠬᠠᠮᠰᠡᠷ ᠶᠢᠡᠨ ᠲᠡᠭᠡᠭ᠍ᠰᠢᠯᠡᠬᠦᠯᠬᠦ ᠵᠢᠴᠢ ᠵᠢᠵᠢᠭᠦᠷᠯᠡᠬᠦ ᠵᠡᠷᠭᠡ ᠠᠵᠢᠯ ᠳᠤ ᠪᠤᠳ᠋ᠠᠳ᠋ᠠᠢ ᠱᠠᠭᠠᠷᠳ᠋ᠠᠯᠭ᠎ᠠ ᠲᠤᠷᠠᠳᠪᠠ᠃ (ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠯᠦ᠋ᠪᠸᠢ ᠵᠡᠭᠡᠯᠢ ᠭᠤᠳ᠋ᠤᠮᠵᠢ ᠶᠢᠨ ᠰᠢᠩ ᠬᠤᠸᠠ ᠨᠡᠢ᠌ᠭᠡᠮ ᠲᠤᠭᠤᠷᠢᠭ ᠲᠤ ᠭᠦᠨᠵᠡᠭᠡᠢ᠌ᠷᠡᠨ ᠬᠠᠮᠳ᠋ᠤᠪᠠᠷ ᠰᠠᠭᠤᠵᠤ ᠬᠠᠮᠳ᠋ᠤᠪᠠᠷ ᠪᠠᠢ᠌ᠭᠤᠯᠬᠤ ᠠᠵᠢᠯᠯᠠᠭ᠎ᠠ ᠦᠷᠨᠢᠭᠦᠯᠪᠡ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠡᠷᠦᠩᠬᠡᠢ ᠱᠦ᠋ᠵᠢ ᠰᠢ ᠵᠢᠨ ᠫᠢᠩ ᠤᠨ ᠲᠦ᠋ᠪ ᠤᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠤᠨ ᠬᠤᠷᠠᠯ ᠲᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠪᠠ