ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠭᠤᠯᠭ᠎ᠠ ᠪᠤᠯᠤᠨ ᠤᠯᠠᠨ ᠰᠠᠯᠠᠭ᠎ᠠ ᠮᠦ᠋ᠴᠢᠷ ᠬᠠᠮᠳ᠋ᠤᠷᠠᠨ ᠬᠤᠪᠢᠰᠬᠠᠯ ᠤᠨ ᠺᠢᠨᠤ᠋ ᠦᠵᠡᠬᠦ ᠠᠵᠢᠯᠯᠠᠭ᠎ᠠ ᠦᠷᠨᠢᠭᠦᠯᠪᠡ


       

      ᠨᠠᠮ ᠤᠨ ᠭᠡᠰᠢᠭᠦᠨ ᠺᠠᠳ᠋ᠷᠴᠤᠳ ᠤᠨ ᠤᠯᠤᠰ ᠶᠢᠡᠨ ᠬᠠᠢ᠌ᠷᠠᠯᠠᠬᠤ ᠵᠤᠷᠢᠭ ᠰᠠᠨᠠᠭ᠎ᠠ ᠶᠢ ᠤᠯᠠᠮ ᠨᠢᠭᠡ ᠠᠯᠬᠤᠮ ᠤᠷᠮᠠᠰᠢᠯᠠᠭᠤᠯᠬᠤ ᠶᠢᠨ ᠲᠦ᠋ᠯᠦᠭᠡ᠂ 10  ᠰᠠᠷ᠎ᠠ ᠶᠢᠨ 11 ᠤ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ᠂ ᠵᠤᠬᠢᠶᠠᠨ ᠪᠠᠢ᠌ᠭᠤᠯᠬᠤ ᠬᠡᠯᠳ᠋ᠡᠰ᠂ ᠤᠯᠤᠰ ᠲᠦ᠋ᠷᠦ ᠬᠠᠦᠯᠢ ᠴᠠᠭᠠᠵᠠ ᠶᠢᠨ ᠬᠤᠷᠢᠶ᠎ᠠ᠂ ᠰᠢᠬᠦᠬᠦ ᠬᠤᠷᠢᠶ᠎ᠠ ᠬᠠᠮᠳ᠋ᠤᠷᠠᠨ《ᠠᠭᠤᠤ ᠶᠡᠬᠡ ᠢᠯᠠᠯᠳ᠋ᠠ ᠶᠢ ᠪᠠᠳ᠋ᠤ ᠴᠡᠭᠡᠵᠢᠯᠡᠨ᠂ ᠤᠯᠤᠰ ᠶᠢᠡᠨ ᠬᠠᠢ᠌ᠷᠠᠯᠠᠬᠤ ᠵᠤᠷᠢᠭ ᠰᠠᠨᠠᠭ᠎ᠠ ᠶᠢ ᠪᠠᠳ᠋ᠠᠷᠠᠭᠤᠯᠬᠤ》ᠭᠤᠤᠯ ᠰᠡᠳ᠋ᠦᠪᠳ᠋ᠦ ᠨᠠᠮ ᠤᠨ ᠡᠳ᠋ᠦᠷ ᠤᠨ ᠠᠵᠢᠯᠯᠠᠭ᠎ᠠ ᠦᠷᠨᠢᠭᠦᠯᠵᠦ᠂ ᠠᠮᠸᠷᠢᠺᠠ ᠶᠢ ᠡᠰᠡᠷᠭᠦᠴᠡᠨ ᠰᠤᠯᠤᠩᠭ᠋ᠤᠰ ᠢ ᠲᠤᠰᠠᠯᠠᠭᠰᠠᠨ ᠺᠢᠨᠤ᠋《ᠴᠠᠩ ᠵᠢᠨ ᠨᠠᠭᠤᠷ》 ᠢ ᠲᠦ᠋ᠪᠯᠡᠷᠡᠨ ᠦᠵᠡᠵᠦ᠂ ᠺᠠᠳ᠋ᠷ ᠠᠵᠢᠯᠳ᠋ᠡᠨ ᠶᠢᠡᠨ ᠲᠠᠭᠠᠭᠤᠯᠤᠨ ᠬᠤᠪᠢᠰᠬᠠᠯ ᠤᠨ ᠲᠤᠷᠠᠰᠤᠮᠵᠢ ᠶᠢ ᠲᠠᠬᠢᠨ ᠡᠷᠭᠢᠴᠡᠭᠦᠯᠵᠦ᠂ ᠤᠯᠤᠰ ᠤᠷᠤᠨ ᠤ ᠬᠠᠢ᠌ᠷ᠎ᠠ ᠰᠡᠳᠭᠢᠯᠭᠡ ᠶᠢ ᠤᠢ᠌ᠯᠠᠭᠠᠪᠠ᠃

       
            ᠺᠢᠨᠤ᠋ ᠦᠵᠡᠵᠦ ᠲᠠᠭᠤᠰᠤᠭᠰᠠᠨ ᠤ ᠲᠠᠷᠠᠭ᠎ᠠ᠂ ᠺᠠᠳ᠋ᠷ ᠠᠵᠢᠯᠳ᠋ᠡᠨ ᠲᠦ᠋ᠷᠦᠭ᠍ᠳ᠋ᠡᠯ ᠭᠦᠨ ᠪᠠᠢ᠌ᠵᠤ᠂ ᠡᠩᠬᠡ ᠲᠠᠢ᠌ᠪᠤᠩ ᠤᠷᠴᠢᠨ ᠲᠤᠭᠤᠷᠢᠨ ᠬᠢᠯᠪᠠᠷ ᠪᠤᠰᠤ ᠪᠠᠷ ᠢᠷᠡᠨ᠂ ᠪᠢᠳ᠋ᠡ ᠭᠠᠭᠴᠠ ᠬᠦ ᠲᠡᠦᠬᠡ ᠪᠠᠨ ᠪᠠᠳ᠋ᠤ ᠴᠡᠭᠡᠵᠢᠯᠡᠵᠦ᠂ ᠤᠭ ᠰᠠᠨᠠᠭ᠎ᠠ ᠪᠠᠨ ᠦᠯᠦ ᠮᠠᠷᠳ᠋ᠠᠨ᠂ ᠠᠴᠢ ᠭᠠᠪᠢᠶ᠎ᠠ ᠳᠤ ᠲᠠᠯᠠᠷᠬᠠᠨ ᠡᠷᠡᠮᠡᠭᠡᠢ᠌ᠯᠡᠨ ᠤᠷᠤᠭᠰᠢᠯᠠᠨ᠎ᠠ ᠭᠡᠵᠦ ᠢᠯᠡᠷᠬᠡᠢ᠌ᠯᠡᠵᠡᠭᠡᠪᠡ᠃ (ᠯᠸᠢ ᠫᠠᠩ)

ᠡᠮᠦᠨᠡᠬᠢ᠄ ᠵᠠᠷᠤᠳ ᠬᠤᠰᠢᠭᠤᠨ ᠤ ᠬᠡᠷᠡᠭ᠌ ᠶᠢᠡᠷ ᠦᠭᠡᠷᠡᠴᠢᠯᠡᠯᠳ᠋ᠡ ᠶᠢ ᠠᠬᠢᠭᠤᠯᠬᠤ ᠲᠤᠰᠬᠠᠢ ᠠᠵᠢᠯᠯᠠᠭ᠎ᠠ ᠶᠢᠨ ᠦᠷ᠎ᠠ ᠪᠦᠳ᠋ᠦᠮᠵᠢ ᠶᠢ ᠬᠢᠨᠠᠨ ᠵᠢᠯᠤᠭᠤᠳᠬᠤ ᠲᠤᠭᠤᠢ᠌ᠯᠠᠩ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠦ᠋ᠴᠢᠷ ᠲᠤ ᠬᠦᠷᠴᠦ ᠠᠵᠢᠯ ᠬᠢᠨᠠᠨ ᠵᠢᠯᠤᠭᠤᠳᠪᠠ
ᠳᠠᠷᠠᠭᠠᠬᠢ᠄ ᠬᠤᠰᠢᠭᠤᠨ ᠤ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠵᠦ᠋ᠪᠯᠡᠯ ᠤᠨ ᠠᠩᠬᠠᠳ᠋ᠤᠭᠠᠷ ᠤᠳ᠋ᠠᠭᠠᠨ ᠤ ᠠᠵᠢᠯ ᠤᠨ ᠬᠤᠷᠠᠯ ᠬᠤᠷᠠᠯᠳ᠋ᠤᠪᠠ