ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ᠁
ᠬᠤᠰᠢᠭᠤᠨ ᠤ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠵᠦ᠋ᠪᠯᠡᠯ ᠤᠨ ᠠᠩᠬᠠᠳ᠋ᠤᠭᠠᠷ ᠤᠳ᠋ᠠᠭᠠᠨ ᠤ ᠠᠵᠢᠯ ᠤᠨ ᠬᠤᠷᠠᠯ ᠬᠤᠷᠠᠯᠳ᠋ᠤᠪᠠ


       

    10 ᠰᠠᠷ᠎ᠠ ᠶᠢᠨ 12 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠵᠦ᠋ᠪᠯᠡᠯ ᠤᠨ ᠠᠩᠬᠠᠳ᠋ᠤᠭᠠᠷ ᠤᠳ᠋ᠠᠭᠠᠨ ᠤ ᠠᠵᠢᠯ ᠤᠨ ᠬᠤᠷᠠᠯ ᠬᠤᠷᠠᠯᠳ᠋ᠤᠪᠠ᠃ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ᠂ ᠬᠤᠰᠢᠭᠤᠨ ᠤ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠵᠦ᠋ᠪᠯᠡᠯ ᠤᠨ ᠲᠡᠳ᠋ ᠡᠷᠬᠢᠯᠡᠭ᠍ᠴᠢ ᠡᠦ ᠴᠢᠩ ᠬᠠᠢ᠂ ᠬᠤᠰᠢᠭᠤᠨ ᠤ ᠨᠠᠮ ᠤᠨ ᠬᠤᠷᠢᠶᠠᠨ ᠤ ᠪᠠᠢ᠌ᠩᠭ᠋ᠤ ᠶᠢᠨ ᠭᠡᠰᠢᠭᠦᠨ᠂ ᠵᠤᠬᠢᠶᠠᠨ ᠪᠠᠢ᠌ᠭᠤᠯᠬᠤ ᠬᠡᠯᠳ᠋ᠡᠰ ᠤᠨ ᠲᠠᠷᠤᠭ᠎ᠠ᠂ ᠬᠤᠰᠢᠭᠤᠨ ᠤ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠵᠦ᠋ᠪᠯᠡᠯ ᠤᠨ ᠲᠡᠳ᠋ ᠡᠷᠬᠢᠯᠡᠭ᠍ᠴᠢ ᠵᠠᠩ ᠬᠠᠨ ᠰᠦ᠋ᠩ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠶᠢᠨ ᠵᠢᠱᠢᠭ᠍ᠳ᠋ᠡᠭ᠍ᠴᠢ᠂ ᠬᠤᠰᠢᠭᠤᠨ ᠤ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠵᠦ᠋ᠪᠯᠡᠯ ᠤᠨ ᠠᠯᠪᠠᠨ ᠭᠡᠷ ᠤᠨ ᠡᠷᠬᠢᠯᠡᠭ᠍ᠴᠢ ᠼᠦ᠋ᠢ ᠯᠸᠢ ᠯᠸᠢ᠂ ᠬᠤᠰᠢᠭᠤᠨ ᠤ ᠤᠯᠤᠰ ᠲᠦ᠋ᠷᠦ ᠶᠢᠨ ᠵᠦ᠋ᠪᠯᠡᠯᠭᠡᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠭᠡᠰᠢᠭᠦᠨ ᠡᠦ ᠰᠢᠶᠤᠤ ᠬᠤᠷᠠᠯ ᠳᠤ ᠰᠠᠭᠠᠳ᠋ᠠᠪᠠ᠃ ᠬᠤᠰᠢᠭᠤᠨ ᠤ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠵᠦ᠋ᠪᠯᠡᠯ ᠤᠨ ᠪᠦᠬᠦ ᠭᠡᠰᠢᠭᠦᠨ ᠵᠢᠴᠢ ᠬᠤᠰᠢᠭᠤᠨ ᠤ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠤᠨ ᠡᠯ᠎ᠠ ᠬᠢᠨᠠᠨ ᠵᠢᠯᠤᠭᠤᠳᠬᠤ ᠲᠤᠭᠤᠢ᠌ᠯᠠᠩ ᠤᠨ ᠲᠠᠷᠤᠭ᠎ᠠ᠂ ᠡᠯ᠎ᠠ ᠰᠤᠮᠤ ᠪᠠᠯᠭᠠᠰᠤ ᠲᠠᠯᠠᠪᠠᠢ (ᠵᠡᠭᠡᠯᠢ ᠭᠤᠳ᠋ᠤᠮᠵᠢ) ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠠᠷᠢᠭᠦᠯᠡᠭ᠍ᠴᠢᠳ ᠤᠨ ᠪᠦᠯᠬᠦᠮ ᠤᠨ ᠬᠠᠷᠢᠭᠤᠴᠠᠯᠭᠠᠳ᠋ᠠᠨ ᠬᠤᠷᠠᠯ ᠳᠤ ᠤᠷᠤᠯᠴᠠᠵᠤ᠂ ᠬᠤᠷᠠᠯ ᠢ ᠡᠦ ᠴᠢᠩ ᠬᠠᠢ ᠡᠷᠬᠢᠯᠡᠪᠡ᠃

      
            ᠡᠦ ᠴᠢᠩ ᠬᠠᠢ ᠡᠴᠡ᠂ ᠬᠤᠭᠤᠴᠠᠭ᠎ᠠ ᠰᠤᠯᠢᠬᠤ ᠠᠵᠢᠯ ᠤᠨ ᠢᠯᠠᠵᠤ ᠢᠯᠠᠭᠳ᠋ᠠᠬᠤ ᠶᠢᠨ ᠵᠠᠩᠭᠢᠯᠠᠭ᠎ᠠ ᠨᠢ ᠲᠦ᠋ᠯᠦᠭᠡᠯᠡᠭ᠍ᠴᠢᠳ ᠤᠨ ᠰᠤᠩᠭ᠋ᠤᠭᠤᠯᠢ ᠳᠤ ᠪᠠᠢ᠌ᠵᠤ᠂ ᠡᠯ᠎ᠠ ᠰᠤᠮᠤ ᠪᠠᠯᠭᠠᠰᠤ (ᠲᠠᠯᠠᠪᠠᠢ) ᠪᠤᠯᠤᠨ ᠡᠯ᠎ᠠ ᠰᠤᠩᠭ᠋ᠤᠭᠤᠯᠢ ᠶᠢᠨ ᠲᠤᠭᠤᠷᠢᠭ ᠵᠠᠪᠠᠯ《ᠰᠤᠩᠭ᠋ᠤᠭᠤᠯᠢ ᠶᠢᠨ ᠬᠠᠦᠯᠢ》ᠪᠠ《ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠤᠨ ᠬᠡᠷᠡᠭ᠍ᠵᠢᠭᠦᠯᠬᠦ ᠲᠦ᠋ᠰᠦᠯ》 ᠤᠨ ᠲᠤᠭᠳ᠋ᠠᠭᠠᠯ ᠶᠤᠰᠤᠭᠠᠷ ᠲᠦ᠋ᠯᠦᠭᠡᠯᠡᠭ᠍ᠴᠢᠳ ᠤᠨ ᠰᠤᠩᠭ᠋ᠤᠭᠤᠯᠢ ᠶᠢᠨ ᠠᠵᠢᠯ ᠢ ᠰᠠᠢ᠌ᠳ᠋ᠤᠷ ᠦᠷᠨᠢᠭᠦᠯᠦᠨ᠂ ᠲᠡᠰ ᠲᠠᠷᠠᠭᠠᠯᠠᠯ ᠪᠤᠳ᠋ᠤᠯᠢᠶᠠᠨᠳ᠋ᠠᠢ ᠡᠴᠡ ᠪᠤᠯᠵᠤ ᠲᠦ᠋ᠭᠦᠮᠴᠢᠯᠡᠵᠦ ᠪᠤᠯᠬᠤ ᠦᠭᠡᠶ᠃ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠤᠨ ᠵᠤᠬᠢᠶᠠᠨ ᠪᠠᠢ᠌ᠭᠤᠯᠤᠯᠳ᠋ᠠ ᠶᠢᠨ ᠤᠳ᠋ᠤᠷᠢᠳ᠋ᠤᠯᠭ᠎ᠠ ᠶᠢ ᠴᠢᠩᠭ᠋ᠠᠳᠬᠠᠨ᠂ ᠰᠤᠩᠭ᠋ᠤᠭᠤᠯᠢ ᠶᠢᠨ ᠲᠤᠭᠤᠷᠢᠭ ᠤᠨ ᠰᠤᠩᠭ᠋ᠤᠭᠤᠯᠢ ᠶᠢᠨ ᠠᠵᠢᠯ ᠤᠨ ᠤᠳ᠋ᠤᠷᠢᠳᠬᠤ ᠲᠤᠭᠤᠢ᠌ᠯᠠᠩ ᠤᠨ ᠦᠢᠯᠡᠳ᠋ᠦᠯ ᠢ ᠭᠦᠢᠴᠡᠳ ᠪᠠᠳ᠋ᠠᠷᠠᠭᠤᠯᠵᠤ᠂ ᠠᠵᠢᠯ ᠤᠨ ᠴᠢᠳ᠋ᠠᠪᠤᠷᠢ ᠰᠠᠢ᠌ᠨ ᠺᠠᠳ᠋ᠷ ᠠᠵᠢᠯᠳ᠋ᠡᠨ ᠢ ᠰᠢᠯᠢᠨ ᠰᠤᠩᠭ᠋ᠤᠵᠤ ᠲᠤᠬᠢᠷᠠᠭᠤᠯᠤᠨ᠂ ᠬᠤᠭᠤᠴᠠᠭ᠎ᠠ ᠰᠤᠯᠢᠬᠤ ᠬᠢᠨᠠᠨ ᠵᠢᠯᠤᠭᠤᠳ᠋ᠤᠯᠭ᠎ᠠ ᠶᠢ ᠴᠢᠩᠭ᠋ᠠᠳᠬᠠᠨ᠂ ᠨᠠᠷᠢᠨ ᠨᠢᠮᠪᠠᠢ ᠵᠤᠬᠢᠶᠠᠨ ᠪᠠᠢ᠌ᠭᠤᠯᠵᠤ ᠬᠡᠷᠡᠭ᠍ᠵᠢᠭᠦᠯᠵᠦ᠂ ᠨᠠᠷᠢᠨ ᠵᠦ᠋ᠢᠯᠡᠰ ᠶᠢᠡᠷ ᠢᠯᠠᠵᠤ ᠢᠯᠠᠭᠳ᠋ᠠᠬᠤ ᠶᠢ ᠲᠤᠭᠳ᠋ᠠᠭᠠᠨ᠂ ᠨᠢᠭᠡ ᠨᠢᠭᠡ ᠶᠠᠪᠤᠳ᠋ᠠᠯ ᠶᠢᠡᠷ ᠰᠢ᠌ᠳᠪᠦᠷᠢᠯᠡᠵᠦ᠂ ᠬᠤᠰᠢᠭᠤ᠂ ᠰᠤᠮᠤ ᠪᠠᠯᠭᠠᠰᠤ ᠬᠤᠶᠠᠷ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠢ ᠲᠡᠭᠦᠰ ᠠᠮᠵᠢᠯᠳ᠋ᠠ ᠲᠡᠶ ᠪᠡᠶᠡᠯᠡᠭᠦᠯᠬᠦ ᠶᠢ ᠪᠠᠳ᠋ᠤᠯᠠᠬᠤ ᠬᠡᠷᠡᠭ᠍ᠳ᠋ᠠᠢ ᠭᠡᠵᠦ ᠴᠢᠩᠭ᠋ᠠᠳᠬᠠᠪᠠ᠃

       


       
         ᠬᠤᠷᠠᠯ ᠲᠡᠭᠡᠷ᠎ᠠ ᠬᠤᠰᠢᠭᠤᠨ ᠤ ᠰᠤᠩᠭ᠋ᠤᠭᠤᠯᠢ ᠶᠢᠨ ᠵᠦ᠋ᠪᠯᠡᠯ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠬᠠᠮᠢᠶ᠎ᠠ ᠪᠦᠬᠦᠢ ᠪᠢᠴᠢᠭ᠌ ᠮᠠᠲ᠋ᠸᠷᠢᠶᠠᠯ ᠢ ᠰᠤᠨᠤᠰᠴᠦ ᠬᠢᠨᠠᠨ ᠪᠠᠳ᠋ᠤᠯᠠᠬᠤ ᠶᠢᠨ ᠬᠠᠮᠳ᠋ᠤ ᠡᠮᠦᠨᠡᠬᠢ ᠬᠤᠭᠤᠴᠠᠭᠠᠨ ᠤ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠦᠷᠨᠢᠭᠦᠯᠦᠭ᠍ᠰᠡᠨ ᠪᠠᠢ᠌ᠳ᠋ᠠᠯ ᠤᠨ ᠬᠠᠷᠢᠭᠤ ᠮᠡᠳ᠋ᠡᠭᠦᠯᠦᠯᠳ᠋ᠡ ᠶᠢ ᠰᠤᠨᠤᠰᠪᠠ ᠬᠤᠷᠠᠯ ᠲᠡᠭᠡᠷ᠎ᠠ ᠪᠠᠰᠠ ᠤᠳ᠋ᠤᠬᠠᠨ ᠤ ᠪᠠ ᠲᠠᠷᠠᠭᠠᠴᠢ ᠶᠢᠨ ᠱᠠᠳ᠋ᠤᠨ ᠤ ᠬᠤᠭᠤᠴᠠᠭ᠎ᠠ ᠰᠤᠯᠢᠬᠤ ᠠᠵᠢᠯ ᠤᠨ ᠡᠭᠦᠷᠭᠡ ᠶᠢ ᠲᠤᠬᠢᠷᠠᠭᠤᠯᠤᠨ ᠪᠠᠢ᠌ᠷᠢᠯᠠᠭᠤᠯᠪᠠ᠃ (ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠭᠤᠯᠭ᠎ᠠ ᠪᠤᠯᠤᠨ ᠤᠯᠠᠨ ᠰᠠᠯᠠᠭ᠎ᠠ ᠮᠦ᠋ᠴᠢᠷ ᠬᠠᠮᠳ᠋ᠤᠷᠠᠨ ᠬᠤᠪᠢᠰᠬᠠᠯ ᠤᠨ ᠺᠢᠨᠤ᠋ ᠦᠵᠡᠬᠦ ᠠᠵᠢᠯᠯᠠᠭ᠎ᠠ ᠦᠷᠨᠢᠭᠦᠯᠪᠡ
ᠳᠠᠷᠠᠭᠠᠬᠢ᠄ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠬᠤᠰᠢᠭᠤᠨ ᠤ ᠰᠢᠭᠤᠳ ᠬᠠᠷᠢᠶ᠎ᠠ ᠪᠠᠢ᠌ᠭᠤᠯᠭ᠎ᠠ ᠶᠢᠨ ᠰᠤᠩᠭ᠋ᠤᠭᠤᠯᠢ ᠶᠢᠨ ᠲᠤᠭᠤᠷᠢᠭ ᠤᠨ ᠠᠵᠢᠯ ᠤᠨ ᠬᠤᠷᠠᠯ ᠢ ᠵᠤᠬᠢᠶᠠᠨ ᠪᠠᠢ᠌ᠭᠤᠯᠵᠤ ᠬᠤᠷᠠᠯᠳ᠋ᠤᠭᠤᠯᠪᠠ