ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠬᠤᠰᠢᠭᠤᠨ ᠤ ᠰᠢᠭᠤᠳ ᠬᠠᠷᠢᠶ᠎ᠠ ᠪᠠᠢ᠌ᠭᠤᠯᠭ᠎ᠠ ᠶᠢᠨ ᠰᠤᠩᠭ᠋ᠤᠭᠤᠯᠢ ᠶᠢᠨ ᠲᠤᠭᠤᠷᠢᠭ ᠤᠨ ᠠᠵᠢᠯ ᠤᠨ ᠬᠤᠷᠠᠯ ᠢ ᠵᠤᠬᠢᠶᠠᠨ ᠪᠠᠢ᠌ᠭᠤᠯᠵᠤ ᠬᠤᠷᠠᠯᠳ᠋ᠤᠭᠤᠯᠪᠠ

10 ᠰᠠᠷ᠎ᠠ 14 ᠤ ᠡᠳ᠋ᠦᠷ ᠤᠨ ᠦᠳ᠋ᠡ ᠶᠢᠨ ᠡᠮᠦᠨ᠎ᠠ᠂ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠬᠤᠰᠢᠭᠤᠨ ᠤ ᠰᠢᠭᠤᠳ ᠬᠠᠷᠢᠶ᠎ᠠ ᠪᠠᠢ᠌ᠭᠤᠯᠭ᠎ᠠ ᠶᠢᠨ ᠰᠤᠩᠭ᠋ᠤᠭᠤᠯᠢ ᠶᠢᠨ ᠲᠤᠭᠤᠷᠢᠭ ᠤᠨ ᠠᠵᠢᠯ ᠤᠨ ᠬᠤᠷᠠᠯ ᠢ ᠵᠤᠬᠢᠶᠠᠨ ᠪᠠᠢ᠌ᠭᠤᠯᠵᠤ ᠬᠤᠷᠠᠯᠳ᠋ᠤᠭᠤᠯᠤᠨ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠶᠢᠨ ᠵᠢᠱᠢᠭ᠍ᠳ᠋ᠡᠭ᠍ᠴᠢ ᠼᠦ᠋ᠢ ᠯᠸᠢ ᠯᠸᠢ ᠬᠤᠷᠠᠯ ᠳᠤ ᠰᠠᠭᠠᠳ᠋ᠠᠪᠠ᠃ ᠬᠤᠰᠢᠭᠤᠨ ᠤ ᠰᠤᠩᠭ᠋ᠤᠭᠤᠯᠢ ᠶᠢᠨ ᠵᠦ᠋ᠪᠯᠡᠯ ᠤᠨ ᠭᠡᠰᠢᠭᠦᠨ᠂ ᠬᠤᠰᠢᠭᠤᠨ ᠤ ᠰᠢᠭᠤᠳ ᠬᠠᠷᠢᠶ᠎ᠠ ᠪᠠᠢ᠌ᠭᠤᠯᠭ᠎ᠠ ᠶᠢᠨ ᠰᠤᠩᠭ᠋ᠤᠭᠤᠯᠢ ᠶᠢᠨ ᠲᠤᠭᠤᠷᠢᠭ ᠤᠨ ᠰᠤᠩᠭ᠋ᠤᠭᠤᠯᠢ ᠶᠢᠨ ᠬᠢᠨᠠᠨ ᠵᠢᠯᠤᠭᠤᠳᠬᠤ ᠲᠤᠭᠤᠢ᠌ᠯᠠᠩ ᠤᠨ ᠲᠠᠷᠤᠭ᠎ᠠ ᠵᠢᠴᠢ ᠬᠤᠰᠢᠭᠤᠨ ᠤ ᠰᠢᠭᠤᠳ ᠬᠠᠷᠢᠶ᠎ᠠ ᠪᠠᠢ᠌ᠭᠤᠯᠭ᠎ᠠ ᠶᠢᠨ ᠰᠤᠩᠭ᠋ᠤᠭᠤᠯᠢ ᠶᠢᠨ ᠲᠤᠭᠤᠷᠢᠭ ᠤᠨ ᠰᠤᠩᠭ᠋ᠤᠭᠤᠯᠢ ᠶᠢᠨ ᠠᠵᠢᠯ ᠤᠨ ᠲᠤᠭᠤᠢ᠌ᠯᠠᠩ ᠤᠨ ᠪᠦᠬᠦ ᠭᠡᠰᠢᠭᠦᠨ ᠬᠤᠷᠠᠯ ᠳᠤ ᠤᠷᠤᠯᠴᠠᠪᠠ᠃


ᠡᠦ ᠴᠢᠩ ᠬᠠᠢ ᠡᠴᠡ᠂ ᠰᠤᠩᠭ᠋ᠤᠭᠤᠯᠢ ᠶᠢᠨ ᠠᠷᠠᠳ ᠢ ᠪᠦᠷᠢᠳᠭᠡᠬᠦ ᠠᠵᠢᠯ ᠪᠤᠯ ᠪᠦᠬᠦᠢ᠌ᠯᠡ ᠰᠤᠩᠭ᠋ᠤᠭᠤᠯᠢ ᠶᠢᠨ ᠠᠵᠢᠯ ᠤᠨ ᠰᠠᠭᠤᠷᠢ ᠮᠦ᠋ᠨ᠂ ᠰᠤᠩᠭ᠋ᠤᠭᠤᠯᠢ ᠶᠢᠨ ᠠᠷᠠᠳ ᠢ ᠪᠦᠬᠦ ᠲᠠᠯ᠎ᠠ ᠪᠠᠷ ᠲᠠᠷᠠᠭᠠᠯᠠᠨ ᠪᠠᠢ᠌ᠴᠠᠭᠠᠵᠤ ᠪᠦᠷᠢᠳᠭᠡᠨ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ᠌᠂ ᠰᠢᠯᠵᠢᠭᠦᠯᠵᠦ ᠭᠠᠷᠭᠠᠭᠰᠠᠨ ᠪᠠ ᠰᠢᠯᠵᠢᠭᠦᠯᠦᠨ ᠤᠷᠤᠭᠤᠯᠤᠭᠰᠠᠨ ᠬᠦᠮᠦᠰ ᠢ ᠨᠢᠭᠡ ᠨᠢᠭᠡ ᠪᠠᠷ ᠬᠢᠨᠠᠨ ᠬᠠᠷᠭᠤᠭᠤᠯᠵᠤ᠂ ᠤᠷᠬᠢᠭᠳ᠋ᠠᠭᠤᠯᠤᠨ ᠲᠡᠮᠳ᠋ᠡᠭᠯᠡᠬᠦ᠂ ᠪᠤᠷᠤᠭᠤ ᠲᠡᠮᠳ᠋ᠡᠭᠯᠡᠬᠦ᠂ ᠲᠠᠪᠬᠤᠷ ᠲᠡᠮᠳ᠋ᠡᠭᠯᠡᠬᠦ ᠦᠵᠡᠭ᠍ᠳ᠋ᠡᠯ ᠭᠠᠷᠬᠤ ᠡᠴᠡ ᠵᠠᠢ᠌ᠯᠠᠰᠭᠢᠨ᠂ ᠡᠯ᠎ᠠ ᠰᠠᠯᠠᠭ᠎ᠠ ᠮᠦ᠋ᠴᠢᠷ ᠤᠨ ᠬᠤᠭᠤᠷᠤᠨᠳ᠋ᠤ ᠪᠠᠨ ᠬᠦᠨᠳ᠋ᠡᠯᠡᠨ ᠶᠢᠡᠷ ᠨᠡᠪᠳ᠋ᠡᠷᠡᠯᠴᠡᠬᠦ ᠶᠢ ᠴᠢᠩᠭ᠋ᠠᠳᠬᠠᠵᠤ᠂ ᠰᠢᠰᠲ᠋ᠸᠮ ᠤᠨ ᠲᠤᠳ᠋ᠤᠭᠠᠳ᠋ᠤ ᠳ᠋ᠡᠬᠢ ᠭᠤᠯᠳ᠋ᠤ ᠪᠠᠷ ᠨᠡᠪᠳ᠋ᠡᠷᠡᠯᠴᠡᠬᠦ᠂ ᠮᠡᠳ᠋ᠡᠭᠡ ᠵᠠᠩᠭᠢ ᠪᠠᠨ ᠰᠤᠯᠢᠯᠴᠡᠨ ᠬᠠᠮᠳᠤᠪᠠᠷ ᠡᠳ᠋ᠯᠡᠨ᠂ ᠰᠤᠩᠭ᠋ᠤᠭᠤᠯᠢ ᠶᠢᠨ ᠠᠷᠠᠳ ᠤᠨ ᠲᠠᠩᠰᠠᠯᠠᠯ ᠤᠨ ᠮᠡᠳ᠋ᠡᠭᠡ ᠵᠠᠩᠭᠢ ᠶᠢᠨ ᠤᠨᠤᠪᠴᠢᠳ᠋ᠠᠢ ᠪᠠᠢ᠌ᠬᠤ ᠶᠢ ᠦᠨᠡᠨᠬᠦ ᠪᠠᠳ᠋ᠤᠯᠠᠬᠤ ᠬᠡᠷᠡᠭ᠍ᠳ᠋ᠠᠢ᠃ ᠲᠦ᠋ᠯᠦᠭᠡᠯᠡᠭ᠍ᠴᠢᠳ ᠤᠨ ᠪᠦᠳ᠋ᠦᠴᠡ ᠪᠠ ᠬᠠᠷᠢᠴᠡᠯ ᠢ ᠴᠢᠬᠤᠯᠠᠴᠢᠯᠠᠨ᠂ ᠴᠢᠩᠭ᠎ᠠ ᠬᠢᠨᠠᠨ ᠪᠠᠢ᠌ᠴᠠᠭᠠᠵᠤ ᠵᠢᠯᠤᠭᠤᠳ᠋ᠤᠨ᠂ ᠠᠰᠠᠭᠤᠳ᠋ᠠᠯ ᠢ ᠤᠯᠵᠤ ᠮᠡᠳ᠋ᠡᠪᠡᠯ ᠲᠡᠷᠡ ᠲᠠᠷᠤᠢ ᠳ᠋ᠤᠨᠢ ᠵᠢᠯᠤᠭᠤᠳᠬᠤ ᠬᠡᠷᠡᠭ᠍ᠳ᠋ᠠᠢ᠃ ᠰᠤᠩᠭ᠋ᠤᠭᠤᠯᠢ ᠶᠢᠨ ᠠᠷᠠᠳ ᠢ ᠵᠠᠷᠯᠠᠨ ᠨᠡᠢ᠌ᠳ᠋ᠡᠯᠡᠬᠦ ᠪᠠ ᠪᠢᠯᠸᠲ ᠦᠭ᠍ᠴᠦ ᠰᠤᠩᠭ᠋ᠤᠬᠤ ᠠᠵᠢᠯ ᠢ ᠪᠦᠬᠦ ᠬᠦᠴᠦᠨ ᠶᠢᠡᠷ ᠰᠠᠢ᠌ᠳ᠋ᠤᠷ ᠬᠢᠵᠦ᠂ 10 ᠰᠠᠷ᠎ᠠ ᠶᠢᠨ 21 ᠤ ᠡᠳ᠋ᠦᠷ ᠡᠴᠡ ᠡᠮᠦᠨ᠎ᠠ ᠰᠤᠩᠭ᠋ᠤᠭᠤᠯᠢ ᠶᠢᠨ ᠠᠷᠠᠳ ᠢ ᠡᠷᠬᠡᠪᠰᠢ ᠨᠡᠢ᠌ᠳ᠋ᠡᠯᠡᠬᠦ ᠬᠡᠷᠡᠭ᠍ᠳ᠋ᠠᠢ᠃ ᠲᠦ᠋ᠯᠦᠭᠡᠯᠡᠭ᠍ᠴᠢᠳ ᠤᠨ ᠲᠡᠷᠢᠭᠦᠨ ᠤ ᠴᠢᠨᠠᠷ᠂ ᠬᠦᠳ᠋ᠦᠯᠦᠨ ᠲᠠᠭᠠᠭᠤᠯᠬᠤ ᠴᠢᠨᠠᠷ ᠪᠠ ᠵᠢᠱᠢᠶᠡᠴᠢ ᠴᠢᠨᠠᠷ ᠢ ᠲᠤᠪᠤᠢ᠌ᠯᠭᠠᠨ᠂ ᠲᠦ᠋ᠯᠦᠭᠡᠯᠡᠭ᠍ᠴᠢ ᠶᠢᠨ ᠵᠢᠱᠢᠭ᠍ᠳ᠋ᠡᠭ᠍ᠰᠡᠳ ᠢ ᠴᠢᠩᠭ᠎ᠠ ᠰᠤᠩᠭ᠋ᠤᠨ ᠭᠠᠷᠭᠠᠵᠤ᠂ ᠢᠳ᠋ᠡᠪᠬᠢᠳ᠋ᠠᠢ ᠪᠠᠷ ᠵᠠᠰᠠᠭ ᠤᠨ ᠶᠠᠪᠤᠳ᠋ᠠᠯ ᠳᠤ ᠤᠷᠤᠯᠴᠡᠨ ᠲᠦ᠋ᠷᠦ ᠶᠢᠨ ᠬᠡᠷᠡᠭ᠌ ᠢ ᠵᠦ᠋ᠪᠯᠡᠬᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳ᠋ᠠᠪᠤᠷᠢ ᠪᠠᠷ ᠴᠢᠩᠭ᠎ᠠ ᠨᠢᠭᠡ ᠪᠦᠯᠦᠭ᠌ ᠠᠷᠠᠳ ᠤᠨ ᠲᠦ᠋ᠯᠦᠭᠡᠯᠡᠭ᠍ᠴᠢ ᠶᠢ ᠰᠤᠩᠭ᠋ᠤᠨ ᠭᠠᠷᠭᠠᠬᠤ ᠪᠠᠷ ᠴᠢᠷᠮᠠᠢ᠌ᠨ᠂ ᠲᠦ᠋ᠯᠦᠭᠡᠯᠡᠭ᠍ᠴᠢᠳ ᠤᠨ ᠴᠢᠨᠠᠷ ᠴᠢᠨᠰᠠᠭ᠎ᠠ ᠶᠢ ᠪᠠᠳ᠋ᠤᠯᠠᠬᠤ ᠬᠡᠷᠡᠭ᠍ᠳ᠋ᠠᠢ ᠭᠡᠵᠦ ᠴᠢᠩᠭ᠋ᠠᠳᠬᠠᠪᠠ᠃

ᠬᠤᠷᠠᠯ ᠲᠡᠭᠡᠷ᠎ᠠ᠂《ᠵᠠᠷᠤᠳ ᠬᠤᠰᠢᠭᠤᠨ ᠤ ᠰᠤᠩᠭ᠋ᠤᠭᠤᠯᠢ ᠶᠢᠨ ᠵᠦ᠋ᠪᠯᠡᠯ ᠤᠨ ᠬᠤᠰᠢᠭᠤᠨ ᠤ ᠰᠢᠭᠤᠳ ᠬᠠᠷᠢᠶ᠎ᠠ ᠪᠠᠢ᠌ᠭᠤᠯᠭ᠎ᠠ ᠶᠢᠨ ᠰᠤᠩᠭ᠋ᠤᠭᠤᠯᠢ ᠶᠢᠨ ᠲᠤᠭᠤᠷᠢᠭ ᠤᠨ ᠪᠠᠢ᠌ᠭᠤᠯᠤᠮᠵᠢ ᠪᠠᠢ᠌ᠭᠤᠯᠬᠤ ᠲᠤᠬᠠᠢ ᠮᠡᠳ᠋ᠡᠭ᠍ᠳ᠋ᠡᠯ》 ᠢ ᠤᠩᠰᠢᠨ ᠨᠡᠢ᠌ᠳ᠋ᠡᠯᠡᠵᠦ᠂《ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠤᠨ ᠬᠡᠷᠡᠭ᠍ᠵᠢᠭᠦᠯᠬᠦ ᠲᠦ᠋ᠰᠦᠯ》 ᠳᠤ ᠲᠠᠢ᠌ᠯᠤᠮᠵᠢ ᠬᠢᠭ᠍ᠰᠡᠨ ᠪᠦᠭᠡᠳ ᠤᠢ᠌ᠷ᠎ᠠ ᠶᠢᠨ ᠬᠤᠭᠤᠴᠠᠭᠠᠨ ᠤ ᠠᠵᠢᠯ ᠢ ᠲᠤᠬᠢᠷᠠᠭᠤᠯᠤᠨ ᠪᠠᠢ᠌ᠷᠢᠯᠠᠭᠤᠯᠪᠠ᠃ (ᠯᠸᠢ ᠫᠠᠩ)