ᠬᠤᠰᠢᠭᠤᠨ ᠤ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠬᠤᠶᠠᠳ᠋ᠤᠭᠠᠷ ᠬᠢᠨᠠᠨ ᠵᠢᠯᠤᠭᠤᠳᠬᠤ ᠲᠤᠭᠤᠢ᠌ᠯᠠᠩ ᠰᠢᠶᠠᠩᠱᠠᠨ ᠪᠠᠯᠭᠠᠰᠤᠨ ᠳᠤ ᠬᠦᠷᠴᠦ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠢ ᠬᠢᠨᠠᠨ ᠵᠢᠯᠤᠭᠤᠳᠪᠠ

9 ᠰᠠᠷ᠎ᠠ ᠶᠢᠨ 29 ᠤ ᠡᠳ᠋ᠦᠷ᠂ ᠬᠤᠰᠢᠭᠤᠨ ᠤ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠬᠤᠶᠠᠳ᠋ᠤᠭᠠᠷ ᠬᠢᠨᠠᠨ ᠵᠢᠯᠤᠭᠤᠳᠬᠤ ᠲᠤᠭᠤᠢ᠌ᠯᠠᠩ ᠤᠨ ᠲᠠᠷᠤᠭ᠎ᠠ ᠯᠢᠦ ᠵᠦ᠋ᠩ ᠭᠦᠸᠸ ᠨᠡᠷ ᠰᠢᠶᠠᠩᠱᠠᠨ ᠪᠠᠯᠭᠠᠰᠤᠨ ᠳᠤ ᠬᠦᠷᠴᠦ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠢ ᠬᠢᠨᠠᠨ ᠵᠢᠯᠤᠭᠤᠳᠴᠦ᠂ ᠲᠤᠬᠠᠢ ᠶᠢᠨ ᠭᠠᠵᠠᠷ ᠢ ᠲᠤᠭᠤᠷᠢᠨ ᠦᠵᠡᠬᠦ ᠪᠠᠷ ᠲᠠᠮᠵᠢᠨ ᠪᠦᠬᠦ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠤᠨ ᠠᠬᠢᠴᠡ ᠶᠢ ᠨᠠᠷᠢᠯᠢᠭ ᠤᠢ᠌ᠯᠠᠭᠠᠪᠠ᠃ (ᠯᠸᠢ ᠫᠠᠩ)