ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠡᠷᠦᠩᠬᠡᠢ ᠱᠦ᠋ᠵᠢ ᠰᠢ ᠵᠢᠨ ᠫᠢᠩ ᠤᠨ ᠲᠦ᠋ᠪ ᠤᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠤᠨ ᠬᠤᠷᠠᠯ ᠲᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠪᠠ

                  

               10 ᠰᠠᠷ᠎ᠠ ᠶᠢᠨ 15 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠡᠴᠡ ᠪᠦᠬᠦ ᠨᠠᠮ ᠤᠨ ᠭᠡᠰᠢᠭᠦᠨ ᠺᠠᠳ᠋ᠷ ᠠᠵᠢᠯᠳ᠋ᠡᠨ ᠢ ᠵᠤᠬᠢᠶᠠᠨ ᠪᠠᠢ᠌ᠭᠤᠯᠵᠤ ᠶᠡᠷᠦᠩᠬᠡᠢ ᠱᠦ᠋ᠵᠢ ᠰᠢ ᠵᠢᠨ ᠫᠢᠩ ᠤᠨ ᠲᠦ᠋ᠪ ᠤᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠤᠨ ᠬᠤᠷᠠᠯ ᠲᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠪᠠ᠃ ᠬᠤᠷᠠᠯ ᠢ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠤᠨ ᠱᠦ᠋ᠵᠢ ᠯᠢ ᠴᠸᠩ ᠭᠦᠸᠸ ᠡᠷᠬᠢᠯᠡᠪᠡ᠃

                  

                 ᠬᠤᠷᠠᠯ ᠡᠴᠡ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠶᠡᠷᠦᠩᠬᠡᠢ ᠱᠦ᠋ᠵᠢ ᠰᠢ ᠵᠢᠨ ᠫᠢᠩ ᠤᠨ ᠲᠦ᠋ᠪ ᠤᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠤᠨ ᠬᠤᠷᠠᠯ ᠲᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠡᠨ ᠲᠤᠭᠤᠰᠢᠯᠠᠭᠤᠯᠵᠤ᠂ ᠲᠦ᠋ᠪ ᠤᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠤᠨ ᠬᠤᠷᠠᠯ ᠤᠨ ᠠᠭᠤᠯᠭ᠎ᠠ ᠶᠢ ᠭᠦᠨᠵᠡᠭᠡᠢ ᠤᠢ᠌ᠯᠠᠭᠠᠨ᠂ ᠶᠡᠷᠦᠩᠬᠡᠢ ᠱᠦ᠋ᠵᠢ ᠰᠢ ᠵᠢᠨ ᠫᠢᠩ ᠤᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠤᠨ ᠱᠠᠭᠠᠷᠳ᠋ᠠᠯᠭ᠎ᠠ ᠶᠢ ᠦᠨᠡᠨ ᠬᠦ ᠪᠠᠳ᠋ᠤᠳ᠋ᠠᠢ ᠲᠤᠭᠤᠰᠢᠯᠠᠭᠤᠯᠤᠨ ᠨᠠᠢ᠌ᠳ᠋ᠠᠪᠤᠷᠢᠵᠢᠭᠤᠯᠵᠤ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠭᠤᠯᠭ᠎ᠠ ᠶᠢᠨ ᠠᠵᠢᠯ ᠤᠨ ᠪᠤᠳ᠋ᠠᠳ᠋ᠠᠢ ᠲᠡᠶ ᠤᠶᠠᠯᠳ᠋ᠤᠭᠤᠯᠤᠨ᠂ ᠲᠤᠰ ᠪᠡᠶ᠎ᠠ ᠶᠢᠨ ᠪᠠᠢ᠌ᠭᠤᠯᠤᠯᠳ᠋ᠠ ᠪᠠᠨ ᠴᠢᠩᠭ᠋ᠠᠳᠬᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠰᠠᠭᠤᠷᠢ ᠪᠠᠨ ᠲᠠᠰᠤᠷᠠᠯᠳ᠋ᠠ ᠦᠭᠡᠶ ᠪᠡᠬᠢᠵᠢᠭᠦᠯᠦᠨ᠂ ᠰᠢᠨ᠎ᠠ ᠴᠠᠭ ᠦᠶ᠎ᠠ ᠶᠢᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠵᠢᠯ ᠢ ᠢᠳ᠋ᠡᠪᠬᠢᠳ᠋ᠠᠢ ᠰᠠᠨᠠᠭᠠᠴᠢᠯᠠᠭ᠎ᠠ ᠡᠴᠡ ᠪᠠᠨ ᠰᠠᠢ᠌ᠳ᠋ᠤᠷ ᠠᠬᠢᠭᠤᠯᠬᠤ ᠬᠡᠷᠡᠭ᠍ᠳ᠋ᠠᠢ ᠭᠡᠵᠦ ᠴᠢᠩᠭ᠋ᠠᠳᠬᠠᠪᠠ᠃ (ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠪᠦᠬᠦ ᠺᠠᠳ᠋ᠷᠴᠤᠳ ᠤᠨ ᠶᠡᠬᠡ ᠬᠤᠷᠠᠯ ᠬᠤᠷᠠᠯᠳ᠋ᠤᠭᠤᠯᠤᠨ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠲᠦ᠋ᠩᠯᠢᠶᠤᠤ ᠬᠤᠳ᠋ᠠ ᠶᠢᠨ ᠵᠢᠷᠭᠤᠳ᠋ᠤᠭᠠᠷ ᠤᠳ᠋ᠠᠭᠠᠨ ᠤ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠡᠨ ᠰᠤᠷᠤᠯᠴᠠᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠨᠢᠭᠤᠴᠠ ᠶᠢ ᠬᠠᠮᠠᠭᠠᠯᠠᠵᠤ ᠬᠠᠦᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ