ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠨᠢᠭᠤᠴᠠ ᠶᠢ ᠬᠠᠮᠠᠭᠠᠯᠠᠵᠤ ᠬᠠᠦᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ

ᠨᠢᠭᠤᠴᠠ ᠶᠢ ᠬᠠᠮᠠᠭᠠᠯᠠᠵᠤ ᠬᠠᠦᠯᠢ ᠪᠠᠷ ᠵᠠᠰᠠᠬᠤ ᠵᠤᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠢ᠌ᠳ᠋ᠠᠪᠤᠷᠢᠵᠢᠭᠤᠯᠵᠤ᠂ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠪᠦᠬᠦ ᠺᠠᠳ᠋ᠷ ᠠᠵᠢᠯᠳ᠋ᠡᠨ ᠤ ᠨᠢᠭᠤᠴᠠ ᠶᠢ ᠬᠠᠮᠠᠭᠠᠯᠠᠵᠤ ᠬᠠᠦᠯᠢ ᠪᠠᠷ ᠵᠠᠰᠠᠬᠤ ᠤᠬᠠᠮᠰᠡᠷ ᠢ ᠦᠨᠡᠨ ᠪᠠᠳ᠋ᠤᠳ᠋ᠠᠢ ᠴᠢᠩᠭ᠋ᠠᠳᠬᠠᠨ᠂ ᠨᠢᠭᠤᠴᠠ ᠶᠢ ᠬᠠᠮᠠᠭᠠᠯᠠᠬᠤ ᠶᠡᠷᠦ ᠶᠢᠨ ᠮᠡᠳ᠋ᠡᠯᠭᠡ ᠶᠢ ᠲᠦ᠋ᠭᠡᠮᠡᠯᠵᠢᠭᠦᠯᠬᠦ ᠶᠢᠨ ᠲᠦ᠋ᠯᠦᠭᠡ᠂10 ᠰᠠᠷ᠎ᠠ ᠶᠢᠨ15 ᠤ ᠡᠳ᠋ᠦᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ《ᠬᠤᠪᠢᠰᠬᠠᠯᠳ᠋ᠤ ᠤᠳ᠋ᠤᠮᠰᠢᠯ ᠢ ᠤᠯᠠᠮᠵᠢᠯᠡᠨ ᠵᠠᠯᠭᠠᠮᠵᠢᠯᠡᠵᠦ᠂ ᠨᠢᠭᠤᠴᠠ ᠶᠢ ᠬᠠᠮᠠᠭᠠᠯᠠᠬᠤ ᠰᠡᠷᠭᠡᠢ᠌ᠯᠡᠯᠳ᠋ᠡ ᠶᠢᠨ ᠱᠤᠭᠤᠮ ᠢ ᠪᠠᠳ᠋ᠤ ᠴᠤᠭᠴᠠᠯᠠᠬᠤ》ᠭᠤᠤᠯ ᠰᠡᠳ᠋ᠦᠪᠳ᠋ᠦ ᠪᠤᠯᠭᠠᠭᠰᠠᠨ ᠨᠢᠭᠤᠴᠠ ᠶᠢ ᠬᠠᠮᠠᠭᠠᠯᠠᠵᠤ ᠬᠠᠦᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ᠃

ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠭᠦᠸᠸ ᠤᠯᠤᠰ ᠤᠨ ᠨᠢᠭᠤᠴᠠ ᠶᠢ ᠬᠠᠮᠠᠭᠠᠯᠠᠬᠤ ᠲᠤᠪᠴᠢᠶᠠᠨ ᠤ ᠭᠤᠤᠯᠯᠠᠨ ᠬᠠᠮᠢᠶᠠᠷᠴᠦ ᠪᠠᠢ᠌ᠭᠰᠠᠨ 《ᠨᠢᠭᠤᠴᠠ ᠶᠢ ᠬᠠᠮᠠᠭᠠᠯᠠᠬᠤ》 ᠠᠵᠢᠯ ᠤᠨ ᠴᠢᠬᠤᠯᠠ ᠵᠤᠬᠢᠶᠠᠯ ᠪᠠ 《ᠪᠦᠬᠦ ᠤᠯᠤᠰ ᠤᠨ ᠢᠯᠠᠯᠳ᠋ᠠ ᠶᠢ ᠲᠡᠮᠡᠴᠡᠨ ᠤᠯᠤᠭᠰᠠᠨ 〈ᠰᠢᠯᠭᠠᠯᠳ᠋ᠠ ᠳᠤ ᠤᠷᠤᠯᠴᠠᠬᠤ ᠵᠠᠮ〉 ᠰᠢ ᠪᠠᠢ ᠫᠥᠸᠸ ᠶᠢᠨ ᠦᠶ᠎ᠠ ᠶᠢᠨ ᠨᠢᠭᠤᠴᠠ ᠶᠢ ᠬᠠᠮᠠᠭᠠᠯᠠᠬᠤ ᠠᠵᠢᠯ》 ᠤᠨ ᠤᠭ ᠵᠤᠬᠢᠶᠠᠯ ᠪᠠ《ᠪᠦᠭᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠨᠢᠭᠤᠴᠠ ᠶᠢ ᠬᠠᠮᠠᠭᠠᠯᠠᠬᠤ ᠬᠠᠦᠯᠢ ᠶᠢ ᠬᠡᠷᠡᠭ᠍ᠵᠢᠭᠦᠯᠬᠦ ᠲᠦ᠋ᠷᠢᠮ》 ᠢ ᠤᠯᠠᠮᠵᠢᠯᠡᠨ ᠰᠤᠷᠤᠯᠴᠠᠵᠤ᠂ ᠨᠢᠭᠤᠴᠠ ᠶᠢ ᠬᠠᠮᠠᠭᠠᠯᠠᠬᠤ ᠠᠵᠢᠯ ᠤᠨ ᠵᠠᠷᠴᠢᠮ ᠪᠠ ᠴᠢᠭᠯᠡᠯᠳ᠋ᠡ ᠶᠢ ᠤᠯᠠᠮ ᠨᠢᠭᠡ ᠠᠯᠬᠤᠮ ᠲᠤᠳ᠋ᠤᠷᠬᠠᠢ᠌ᠯᠠᠪᠠ᠃ (ᠯᠸᠢ ᠫᠠᠩ)