ᠤᠳᠤ ᠶᠢᠨ ᠪᠠᠢ᠌ᠷᠢ᠄ ᠪᠠᠢ᠌ᠩᠭᠤ ᠶᠢᠨ ᠬᠤᠷᠢᠶᠠᠨ ᠤ ᠠᠵᠢᠯ → ᠵᠠᠷᠤᠤᠨ ᠬᠣᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠵᠠᠷᠤᠤᠨ ᠬᠣᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠬᠡ ᠬᠤᠷᠠᠯ ᠤᠨ ᠪᠠᠢᠩᠭᠤ ᠶᠢᠨ ᠬᠣᠷᠢᠶᠠᠨ ᠤ ᠪᠠᠢᠭᠤᠯᠭ᠎ᠠ ᠭᠡᠷᠡᠭ ᠢᠶᠡᠷ ᠥᠭᠡᠷᠡᠴᠢᠯᠡᠬᠦ ᠵᠢ ᠠᠬᠢᠭᠤᠯᠬᠤ ᠰᠡᠷᠡᠮᠵᠢ ᠶᠢᠨ ᠬᠦᠮᠤᠵᠢᠯ ᠤᠨ ᠶᠡᠬᠡ ᠬᠤᠷᠠᠯ ᠬᠤᠷᠠᠯᠳᠤᠭᠤᠯᠪᠠ

            

             10ᠰᠠᠷ᠎ᠠ ᠶᠢᠨ21 ᠤ ᠡᠳᠤᠷ᠂ ᠵᠠᠷᠤᠤᠨ ᠬᠣᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠬᠡ ᠬᠤᠷᠠᠯ ᠤᠨ ᠪᠠᠢᠩᠭᠤ ᠶᠢᠨ ᠬᠣᠷᠢᠶᠠᠨ ᠤ ᠪᠠᠢᠭᠤᠯᠭ᠎ᠠ ᠭᠡᠷᠡᠭ ᠢᠶᠡᠷ ᠥᠭᠡᠷᠡᠴᠢᠯᠡᠬᠦ ᠵᠢ ᠠᠬᠢᠭᠤᠯᠬᠤ ᠰᠡᠷᠡᠮᠵᠢ ᠶᠢᠨ  ᠬᠦᠮᠤᠵᠢᠯ ᠤᠨ ᠶᠡᠬᠡ ᠬᠤᠷᠠᠯ ᠬᠤᠷᠠᠯᠳᠤᠭᠤᠯᠪᠠ᠃ ᠬᠣᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠬᠡ ᠬᠤᠷᠠᠯ ᠤᠨ ᠪᠠᠢᠩᠭᠤ ᠶᠢᠨ ᠬᠣᠷᠢᠶᠠᠨ ᠤ ᠡᠷᠬᠢᠯᠡᠭᠴᠢ ᠡᠤ ᠴᠢᠩ ᠬᠠᠢ᠂ ᠬᠣᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠬᠡ ᠬᠤᠷᠠᠯ ᠤᠨ ᠪᠠᠢᠩᠭᠤ ᠶᠢᠨ ᠬᠣᠷᠢᠶᠠᠨ ᠤ ᠲᠠᠳ᠋ ᠡᠷᠬᠢᠯᠡᠭᠴᠢ ᠶᠢᠨ ᠵᠢᠱᠢᠭᠳᠡᠭᠴᠢ ᠵᠠᠩ ᠶᠦᠩ ᠴᠢᠶᠠᠩ ᠵᠢᠴᠢ ᠪᠠᠢᠩᠭᠤ ᠶᠢᠨ ᠬᠤᠷᠢᠶᠠᠨ ᠤ ᠨᠠᠷᠢᠨ ᠪᠢᠴᠢᠭ᠌ ᠤᠨ ᠲᠠᠷᠤᠭ᠎ᠠ᠂ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠱᠦᠵᠢ ᠯᠢ ᠴᠸᠩ ᠬᠦᠸᠸ ᠬᠤᠷᠠᠯ ᠳᠤ ᠰᠠᠭᠠᠳᠠᠪᠠ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠭᠡᠰᠢᠬᠦᠨ ᠺᠠᠳ᠋ᠷ ᠬᠤᠷᠠᠯ ᠳᠤ ᠤᠷᠤᠯᠴᠠᠪᠠ᠃

               

              ᠡᠤ ᠴᠢᠩ ᠬᠠᠢ ᠡᠴᠨ ᠰᠠᠷᠡᠮᠵᠢ ᠶᠢᠨ ᠬᠦᠮᠤᠵᠢᠯ ᠦᠷᠨᠢᠬᠦᠯᠬᠦ ᠪᠡᠷ ᠲᠠᠮᠵᠢᠭᠤᠯᠤᠨ᠂ ᠤᠯᠤᠰ ᠲᠦᠷᠤ ᠶᠢᠨ ᠤᠤᠷ ᠴᠢᠨᠠᠷ ᠶᠢᠠᠨ ᠲᠠᠭᠡᠭᠰᠢᠯᠡᠬᠦᠯᠵᠤ᠂ ᠤᠪᠤᠷ ᠰᠤᠷᠳᠠᠯ ᠲᠦᠷᠢ ᠲᠦᠷᠬᠦ ᠪᠠᠨ ᠲᠠᠭᠡᠭᠰᠢᠯᠡᠬᠦᠯᠬᠦ ᠭᠡᠷᠡᠭᠳᠡᠢ᠃ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠤᠨᠴᠠᠭᠠᠢ ᠤᠷᠤᠨ ᠪᠠᠢᠷᠢ  ᠪᠠ ᠬᠠᠷᠢᠭᠤᠴᠠᠵᠤ ᠪᠠᠢᠭ᠎ᠠ ᠴᠢᠬᠤᠯᠨ ᠡᠬᠦᠷᠭᠡ ᠬᠠᠷᠢᠭᠤᠴᠠᠯᠭ᠎ᠠ ᠢ  ᠰᠡᠷᠭᠡᠭ ᠶᠢᠠᠷ ᠲᠠᠨᠢᠵᠤ᠂ ᠰᠠᠬᠢᠯᠭ᠎ᠠ ᠪᠠᠳᠤ ᠶᠢ ᠲᠠᠷᠢᠬᠦᠨ ᠳᠤ ᠲᠠᠯᠪᠢᠵᠤ᠂ ᠢᠯᠵᠠᠷᠠᠮᠠᠯ ᠢ ᠡᠰᠡᠷᠬᠦᠴᠡᠨ ᠰᠡᠷᠬᠡᠢᠯᠡᠬᠦ ᠴᠢᠳᠠᠪᠤᠷᠢ ᠪᠠᠨ ᠲᠠᠭᠡᠭᠰᠢᠯᠡᠬᠦᠯᠬᠦ ᠭᠡᠷᠡᠭᠳᠡᠢ᠃ ᠰᠠᠷᠡᠮᠵᠢ ᠶᠢᠨ ᠬᠦᠮᠤᠵᠢᠯ ᠦᠷᠨᠢᠬᠦᠯᠬᠦ ᠪᠡᠷ ᠲᠠᠮᠵᠢᠭᠤᠯᠤᠨ᠂ ᠪᠦᠬᠦᠢᠯᠨ ᠠᠵᠢᠯ ᠤᠨ ᠦᠷ᠎ᠠ ᠪᠦᠳᠤᠮᠵᠢ ᠪᠠᠨ ᠲᠠᠭᠡᠭᠰᠢᠯᠡᠬᠦᠯᠬᠦ ᠭᠡᠷᠡᠭᠳᠡᠢ᠃ ᠭᠡᠷᠡᠭ ᠶᠢᠠᠷ ᠦᠭᠡᠷᠡᠴᠢᠯᠡᠬᠦ ᠪᠤᠯᠤᠨ ᠬᠤᠰᠢᠭᠤ ᠰᠤᠮᠤ ᠪᠠᠯᠭᠠᠰᠤ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ᠂ ᠡᠯ᠎ᠠ ᠲᠦᠷᠤᠯ ᠤᠨ ᠬᠠᠤᠯᠢ ᠭᠡᠷᠡᠭᠵᠢᠬᠦᠯᠤᠯᠳᠠ᠂ ᠲᠦᠯᠤᠭᠡᠯᠡᠭᠴᠢ ᠶᠢᠨ ᠲᠤᠭᠤᠷᠢᠨ ᠪᠠᠢᠴᠠᠭᠠᠯᠳᠠ᠂ ᠲᠦᠯᠤᠭᠡᠯᠡᠭᠴᠢ ᠶᠢᠨ ᠬᠦᠮᠤᠵᠢᠯ ᠪᠤᠯᠪᠠᠰᠤᠷᠠᠯ ᠵᠡᠷᠭᠡ ᠨᠢᠳᠤᠨ ᠡᠮᠤᠨᠡᠬᠢ ᠭᠤᠤᠯᠳᠠᠯᠭ᠎ᠠ ᠲᠠᠢ ᠠᠵᠢᠯ ᠲᠠᠢ ᠬᠠᠷᠢᠯᠴᠠᠨ ᠤᠶᠠᠯᠳᠤᠭᠤᠯᠵᠤ᠂ ᠭᠡᠷᠡᠭ ᠶᠢᠠᠷ ᠦᠭᠡᠷᠡᠴᠢᠯᠡᠬᠦ ᠶᠢ ᠠᠬᠢᠭᠤᠯᠬᠤ ᠠᠵᠢᠯ ᠤᠨ ᠦᠷ᠎ᠠ ᠪᠦᠳᠤᠮᠵᠢ ᠪᠡᠷ ᠡᠯ᠎ᠠ ᠲᠦᠷᠤᠯ ᠤᠨ ᠠᠵᠢᠯ ᠤᠨ ᠨᠠᠢᠳᠠᠪᠤᠷᠢᠵᠢᠭᠤᠯᠤᠯᠳᠠ ᠶᠢ ᠲᠦᠯᠬᠢᠵᠤ ᠠᠬᠢᠭᠤᠯᠤᠨ᠂ ᠬᠤᠪᠢ ᠬᠦᠮᠤᠨ ᠤ ᠠᠵᠢᠯ ᠤᠨ ᠰᠢᠨ᠎ᠡ ᠦᠷ᠎ᠠ ᠪᠦᠳᠤᠮᠵᠢ  ᠪᠡᠷ ᠪᠦᠬᠦ ᠬᠤᠰᠢᠭᠤᠨ ᠤ ᠨᠡᠢᠭᠡᠮ ᠤᠨ ᠦᠨᠳᠤᠷ ᠴᠢᠨᠰᠠᠭᠠᠳᠤ ᠬᠦᠭᠵᠢᠯᠳᠠ ᠶᠢ ᠲᠦᠯᠬᠢᠨ ᠠᠬᠢᠭᠤᠯᠬᠤ ᠭᠡᠷᠡᠭᠳᠡᠢ ᠭᠡᠵᠤ ᠴᠢᠬᠤᠯᠠᠴᠢᠯᠠᠵᠠᠢ᠃

             

             ᠬᠤᠷᠠᠯ ᠲᠠᠭᠡᠷ᠎ᠠ᠂ ᠵᠠᠩ ᠶᠦᠩ ᠴᠢᠶᠠᠩ ᠭᠡᠷᠡᠭ ᠤᠨ ᠵᠠᠳᠠᠯᠤᠯᠳᠠ ᠶᠢᠨ ᠮᠠᠲ᠋ᠸᠷᠢᠶᠠᠯ ᠢ ᠤᠩᠰᠢᠨ ᠨᠡᠪᠳᠡᠷᠡᠭᠡᠪᠡ᠃ ᠯᠢ ᠴᠸᠩ ᠬᠦᠸᠸ ᠡᠴᠨ ᠰᠢ ᠵᠢᠨ ᠫᠢᠩ ᠶᠡᠷᠤᠩᠭᠡᠢ ᠱᠦᠵᠢ ᠶᠢᠨ ᠨᠠᠮ ᠢ ᠴᠢᠩᠭ᠎ᠠ ᠵᠠᠰᠠᠬᠤ ᠴᠢᠬᠤᠯᠨ ᠦᠬᠦᠯᠡᠯ ᠤᠨ ᠲᠤᠪᠴᠢᠯᠠᠯ ᠢ ᠲᠠᠭᠠᠭᠤᠯᠤᠨ ᠰᠤᠷᠤᠯᠴᠠᠪᠠ᠃ ᠬᠤᠷᠠᠯ ᠳᠤ ᠤᠷᠤᠯᠴᠠᠭᠰᠠᠳ ᠰᠡᠷᠡᠮᠵᠢ ᠶᠢᠨ ᠬᠦᠮᠤᠵᠢᠯ ᠤᠨ ᠺᠢᠨᠤ᠋ ᠦᠵᠡᠪᠡ᠃(ᠳ᠋ᠠᠢ ᠰᠢᠶᠦ᠋ᠩ)

ᠡᠮᠦᠨᠡᠬᠢ᠄ ᠵᠠᠷᠤᠳ ᠬᠤᠰᠢᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠤᠷᠢᠨ ᠵᠢᠷᠭᠤᠳ᠋ᠤᠭᠠᠷ ᠤᠳ᠋ᠠᠭᠠᠨ ᠤ ᠬᠤᠷᠠᠯ ᠬᠤᠷᠠᠯᠳ᠋ᠤᠪᠠ
ᠳᠠᠷᠠᠭᠠᠬᠢ᠄ ᠡᠤ ᠴᠢᠩ ᠬᠠᠢ ᠦᠨᠳ᠋ᠤᠰᠤᠨ ᠱᠠᠳ᠋ᠤᠨ ᠳ᠋ᠥ ᠬᠦᠨᠵᠡᠭᠡᠢ᠌ᠷᠡᠨ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠢ ᠪᠠᠢ᠌ᠴᠠᠭᠠᠨ ᠵᠢᠯᠤᠭᠤᠳᠪᠠ