ᠬᠤᠳ᠋ᠠ ᠶᠢᠨ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠠᠳ᠋ ᠡᠷᠬᠢᠯᠡᠭ᠍ᠴᠢ ᠢᠤᠢ ᠹᠸᠩ ᠮᠠᠨ ᠤ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠠᠵᠢᠯ ᠳ᠋ᠥ ᠪᠠᠢ᠌ᠴᠠᠭᠠᠨ ᠰᠤᠳ᠋ᠤᠯᠤᠯᠳ᠋ᠠ ᠬᠢᠵᠤ ᠵᠢᠭᠠᠨ ᠵᠢᠯᠤᠭᠤᠳᠪᠠ

10 ᠰᠠᠷ᠎ᠠ ᠶᠢᠨ21 ᠤ ᠡᠳ᠋ᠤᠷ᠂ ᠬᠤᠳ᠋ᠠ ᠶᠢᠨ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠠᠳ᠋ ᠡᠷᠬᠢᠯᠡᠭ᠍ᠴᠢ ᠢᠤᠢ ᠹᠸᠩ ᠮᠠᠨ ᠤ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠠᠵᠢᠯ ᠳ᠋ᠥ ᠪᠠᠢ᠌ᠴᠠᠭᠠᠨ ᠰᠤᠳ᠋ᠤᠯᠤᠯᠳ᠋ᠠ ᠬᠢᠵᠤ ᠵᠢᠭᠠᠨ ᠵᠢᠯᠤᠭᠤᠳᠪᠠ᠃ ᠬᠤᠰᠢᠭᠤᠨ ᠤ ᠨᠠᠮ ᠤᠨ ᠬᠤᠷᠢᠶᠠᠨ ᠤ ᠲᠠᠳ᠋ ᠱᠦ᠋ᠵᠢ᠂ ᠬᠤᠰᠢᠭᠤᠨ ᠤ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠵᠦ᠋ᠪᠯᠡᠯ ᠤᠨ ᠡᠷᠬᠢᠯᠡᠭ᠍ᠴᠢ ᠬᠦᠸᠸ ᠮᠢᠩ ᠴᠢᠶᠦ᠋ᠨ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ᠂ ᠬᠤᠰᠢᠭᠤᠨ ᠤ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠵᠦ᠋ᠪᠯᠡᠯ ᠤᠨ ᠲᠠᠳ᠋ ᠡᠷᠬᠢᠯᠡᠭ᠍ᠴᠢ ᠡᠤ ᠴᠢᠩ ᠬᠠᠢ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠲᠠᠳ᠋ ᠡᠷᠬᠢᠯᠡᠭ᠍ᠴᠢ ᠶᠢᠨ ᠵᠢᠱᠢᠭ᠍ᠳ᠋ᠡᠭ᠍ᠴᠢ ᠼᠦ᠋ᠢ ᠯᠸᠢ ᠯᠸᠢ ᠵᠢᠴᠢ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠠᠮᠢᠶ᠎ᠠ ᠪᠦᠬᠦᠢ ᠵᠦ᠋ᠪᠯᠡᠯ ᠤᠨ ᠬᠠᠷᠢᠭᠤᠴᠠᠯᠭᠠᠳ᠋ᠠᠨ ᠪᠤᠯᠤᠨ ᠭᠡᠰᠡᠭ᠌ ᠰᠤᠮᠤ ᠪᠠᠯᠭᠠᠰᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠲᠠᠷᠢᠬᠦᠯᠡᠭ᠍ᠴᠢ ᠪᠠᠷ᠎ᠠ ᠪᠤᠯᠤᠨ ᠪᠠᠢ᠌ᠴᠠᠭᠠᠨ ᠰᠤᠳ᠋ᠤᠯᠤᠯᠳ᠋ᠠ ᠬᠢᠭ᠍ᠰᠡᠡ ᠪᠠ ᠰᠠᠭᠤᠳ᠋ᠠᠯ ᠤᠨ ᠬᠤᠷᠠᠯ ᠳ᠋ᠥ ᠤᠷᠤᠯᠴᠠᠪᠠ᠃
ᠢᠤᠢ ᠹᠸᠩ ᠨᠡᠷ ᠤᠷᠢᠳ ᠬᠤᠵᠢᠳ ᠲᠤᠯᠤᠳ᠋ᠤ ᠰᠤᠮᠤ ᠶᠢᠨ ᠡᠮᠤᠨ᠎ᠠ ᠪᠤᠯᠠᠭᠳ᠋ᠤ ᠭᠠᠴᠠᠭ᠎ᠠ᠂ ᠲᠤᠯᠤᠳ᠋ᠤ ᠭᠠᠴᠠᠭ᠎ᠠ ᠪᠠ ᠪᠠᠶᠠᠨᠮᠠᠩᠬ᠎ᠠ ᠤᠢ ᠰᠢᠭᠤᠢ ᠶᠢᠨ ᠲᠠᠯᠠᠪᠠᠢ᠂ ᠯᠦ᠋ᠪᠸᠢ ᠵᠡᠭᠡᠯᠢ ᠭᠤᠳ᠋ᠤᠮᠵᠢ ᠶᠢᠨ ᠳ᠋ᠦ᠋ᠩ ᠴᠸᠩ ᠢᠤᠢ ᠨᠡᠢ᠌ᠭᠡᠮ ᠲᠤᠭᠤᠷᠢᠭ ᠲᠣ ᠬᠦᠨᠵᠡᠭᠡᠢ᠌ᠷᠡᠵᠤ᠂ ᠰᠤᠩᠭ᠋ᠤᠭᠤᠯᠢ ᠶᠢᠨ ᠠᠷᠠᠳ ᠢ ᠲᠠᠩᠰᠠᠯᠠᠭᠰᠨᠨ ᠲᠠᠮᠳ᠋ᠡᠭᠯᠡᠯ ᠪᠠ ᠵᠠᠷ ᠨᠡᠢ᠌ᠳ᠋ᠡᠯᠡᠭ᠍ᠰᠨᠨ ᠪᠠᠢ᠌ᠳ᠋ᠠᠯ ᠢ ᠨᠠᠷᠢᠨ ᠨᠢᠭᠳ᠋ᠠ ᠪᠠᠢ᠌ᠴᠠᠭᠠᠵᠤ ᠦᠵᠡᠨ᠂ ᠡᠯ᠎ᠠ ᠰᠤᠩᠭ᠋ᠤᠭᠤᠯᠢ ᠶᠢᠨ ᠲᠤᠭᠤᠷᠢᠭ ᠤᠨ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠦᠷᠨᠢᠬᠦᠯᠦᠭ᠍ᠰᠨᠨ ᠪᠠᠢ᠌ᠳ᠋ᠠᠯ ᠢ ᠤᠢ᠌ᠯᠠᠭᠠᠬᠤ ᠶᠢᠨ ᠬᠠᠮᠳ᠋ᠤ᠂ ᠠᠵᠢᠯ ᠲᠤᠮᠳ᠋ᠠ ᠲᠤᠯᠭᠠᠷᠠᠵᠤ ᠪᠠᠢ᠌ᠭ᠎ᠠ ᠠᠰᠠᠭᠤᠳ᠋ᠠᠯ ᠳ᠋ᠥ ᠵᠢᠯᠤᠭᠤᠳᠬᠤ ᠰᠠᠨᠠᠯ ᠲᠤᠷᠠᠳᠪᠠ᠃

ᠲᠤᠬᠠᠢ ᠶᠢᠨ ᠭᠠᠵᠠᠷ ᠲᠤ ᠪᠠᠢ᠌ᠴᠠᠭᠠᠨ ᠰᠤᠳ᠋ᠤᠯᠤᠯᠳ᠋ᠠ ᠬᠢᠵᠤ ᠲᠠᠭᠤᠰᠤᠭᠰᠨᠨ ᠤ ᠲᠠᠷᠠᠭ᠎ᠠ ᠰᠠᠭᠤᠳ᠋ᠠᠯ ᠤᠨ ᠬᠤᠷᠠᠯ ᠬᠤᠷᠠᠯᠳ᠋ᠤᠭᠤᠯᠪᠠ᠃ ᠬᠤᠷᠠᠯ ᠲᠠᠭᠡᠷ᠎ᠠ ᠬᠦᠸᠸ ᠮᠢᠩ ᠴᠢᠶᠦ᠋ᠨ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠦᠷᠨᠢᠬᠦᠯᠦᠭ᠍ᠰᠨᠨ ᠪᠠᠢ᠌ᠳ᠋ᠠᠯ ᠢ ᠬᠠᠷᠢᠭᠤ ᠮᠡᠳ᠋ᠡᠬᠦᠯᠵᠤ᠂ ᠡᠤ ᠴᠢᠩ ᠬᠠᠢ ᠠᠷᠠᠳ ᠤᠨ ᠲᠦ᠋ᠯᠤᠭᠡᠯᠡᠭ᠍ᠴᠢ ᠶᠢᠨ ᠲᠤᠮᠳ᠋ᠠᠳ᠋ᠤ ᠶᠢᠨ ᠦᠨᠳ᠋ᠤᠰᠤᠳ᠋ᠠᠨ ᠤ ᠬᠠᠮᠳ᠋ᠤ ᠶᠢᠨ ᠴᠤᠭᠴᠨ ᠶᠢᠨ ᠤᠬᠠᠮᠰᠠᠷ ᠢ ᠪᠠᠳ᠋ᠤ ᠴᠤᠭᠴᠠᠯᠠᠬᠤ ᠬᠦᠮᠤᠵᠢᠯ ᠪᠤᠯᠪᠠᠰᠤᠷᠠᠯ ᠤᠨ ᠠᠵᠢᠯ ᠤᠨ ᠪᠠᠢ᠌ᠳ᠋ᠠᠯ᠂《ᠠᠷᠠᠳ ᠤᠨ ᠲᠦ᠋ᠯᠤᠭᠡᠯᠡᠭ᠍ᠴᠢ᠂ ᠠᠷᠠᠳ ᠤᠨ ᠲᠦ᠋ᠯᠤᠭᠡ ᠤᠢ᠌ᠯᠡᠴᠢᠯᠡᠨᠠ》ᠭᠡᠬᠦ ᠭᠤᠤᠯ ᠰᠡᠳ᠋ᠤᠪᠳ᠋ᠤ ᠠᠵᠢᠯᠯᠠᠭ᠎ᠠ ᠦᠷᠨᠢᠬᠦᠯᠦᠭ᠍ᠰᠨᠨ ᠪᠠᠢ᠌ᠳ᠋ᠠᠯ᠂ ᠲᠦ᠋ᠯᠤᠭᠡᠯᠡᠭ᠍ᠴᠢ ᠶᠢᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭ᠍ᠰᠨᠨ ᠲᠠᠩᠰᠠ ᠡᠪᠭᠡᠮᠡᠯ ᠪᠠᠢ᠌ᠭᠤᠯᠤᠭᠰᠨᠨ ᠪᠠᠢ᠌ᠳ᠋ᠠᠯ ᠪᠠ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠢ ᠲᠦ᠋ᠯᠤᠭᠡᠯᠡᠭ᠍ᠴᠢ ᠪᠢᠯᠸᠲ ᠦᠭ᠍ᠴᠤ ᠪᠠᠳ᠋ᠤᠯᠠᠬᠤ ᠠᠵᠢᠯ ᠦᠷᠨᠢᠬᠦᠯᠦᠭ᠍ᠰᠨᠨ ᠪᠠᠢ᠌ᠳ᠋ᠠᠯ ᠢ ᠬᠠᠷᠢᠭᠤ ᠮᠡᠳ᠋ᠡᠬᠦᠯᠪᠡ᠃

ᠬᠠᠷᠢᠭᠤ ᠮᠡᠳ᠋ᠡᠬᠦᠯᠤᠯᠳ᠋ᠠ ᠶᠢ ᠰᠤᠨᠤᠰᠤᠭᠰᠨᠨ ᠤ ᠲᠠᠷᠠᠭ᠎ᠠ᠂ ᠬᠤᠳ᠋ᠠ ᠶᠢᠨ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠴᠠᠭᠠᠨ ᠰᠤᠳ᠋ᠤᠯᠵᠤ ᠵᠢᠯᠤᠭᠤᠳᠬᠤ ᠲᠤᠭᠤᠢ᠌ᠯᠠᠩ ᠡᠴᠨ ᠮᠠᠨ ᠤ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠤᠨ ᠠᠵᠢᠯ ᠢ ᠬᠦᠢᠴᠡᠳ ᠦᠨᠡᠯᠡᠪᠡ᠃ᠪᠠᠢ᠌ᠴᠠᠭᠠᠨ ᠰᠤᠳ᠋ᠤᠯᠵᠤ ᠵᠢᠯᠤᠭᠤᠳᠬᠤ ᠲᠤᠭᠤᠢ᠌ᠯᠠᠩ ᠡᠴᠨ᠂ ᠵᠠᠷᠤᠤᠨ ᠬᠤᠰᠢᠭᠤ ᠠᠷᠠᠳ ᠤᠨ ᠲᠦ᠋ᠯᠤᠭᠡᠯᠡᠭ᠍ᠴᠢᠳ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠢ ᠲᠠᠭᠡᠳ᠋ᠤ ᠭᠡᠮᠵᠢᠶ᠎ᠠ ᠪᠠᠷ ᠬᠦᠨᠳ᠋ᠤᠳᠭᠡᠨ ᠦᠵᠡᠵᠤ᠂ ᠨᠠᠮ ᠤᠨ ᠤᠳ᠋ᠤᠷᠢᠳ᠋ᠤᠯᠭ᠎ᠠ ᠶᠢ ᠢᠮᠠᠭᠳ᠋ᠠ ᠪᠠᠷᠢᠮᠳ᠋ᠠᠯᠠᠨ᠂ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠤᠨ ᠵᠦ᠋ᠪ ᠤᠨᠤᠪᠴᠢᠳ᠋ᠠᠢ ᠤᠯᠤᠰ ᠲᠦ᠋ᠷᠤ ᠶᠢᠨ ᠴᠢᠭᠯᠡᠯ ᠢ ᠪᠠᠳ᠋ᠤᠯᠠᠵᠤ᠂ ᠨᠠᠮ ᠤᠨ ᠤᠳ᠋ᠤᠷᠢᠳ᠋ᠤᠯᠭ᠎ᠠ ᠶᠢ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠤᠨ ᠪᠦᠬᠦ ᠶᠠᠪᠤᠴᠨ ᠳ᠋ᠥ ᠲᠤᠭᠤᠰᠢᠯᠠᠭᠤᠯᠬᠤ ᠭᠡᠷᠡᠭ᠍ᠳ᠋ᠡᠢ᠃ ᠤᠬᠠᠭᠤᠯᠤᠯ ᠤᠨ ᠬᠦᠴᠤᠯᠡᠴᠨ ᠪᠠᠨ ᠤᠯᠠᠮ ᠨᠢᠭᠡ ᠠᠯᠬᠤᠮ ᠨᠡᠮᠡᠭ᠍ᠳ᠋ᠡᠬᠦᠯᠵᠤ᠂ ᠦᠷᠭᠡᠨ ᠤᠯᠠᠨ ᠲᠦ᠋ᠮᠨᠨ ᠤ ᠤᠯᠤᠰ ᠲᠦ᠋ᠷᠤ ᠳ᠋ᠥ ᠤᠷᠤᠯᠴᠠᠬᠤ ᠬᠠᠯᠠᠭᠤᠨ ᠰᠡᠳᠬᠢᠯᠭᠡ ᠶᠢ ᠬᠦᠭ᠍ᠵᠢᠭᠡᠨ᠂ ᠦᠨᠳ᠋ᠤᠷ ᠴᠢᠨᠰᠠᠭᠠᠳ᠋ᠤ᠂ ᠦᠨᠳ᠋ᠤᠷ ᠲᠦ᠋ᠪᠰᠢᠨ ᠶᠢᠡᠷ ᠲᠤᠰ ᠤᠳ᠋ᠠᠭᠠᠨ ᠤ ᠠᠷᠠᠳ ᠤᠨ ᠲᠦ᠋ᠯᠤᠭᠡᠯᠡᠭ᠍ᠴᠢ ᠶᠢᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠢ ᠪᠠᠳ᠋ᠤᠯᠠᠬᠤ ᠭᠡᠷᠡᠭ᠍ᠳ᠋ᠡᠢ ᠭᠡᠵᠤ ᠱᠠᠭᠠᠷᠳ᠋ᠠᠵᠠᠢ᠃

ᠬᠤᠷᠠᠯ ᠳ᠋ᠥ ᠤᠷᠤᠯᠴᠠᠭᠰᠠᠳ ᠬᠤᠰᠢᠭᠤ ᠰᠤᠮᠤ ᠪᠠᠯᠭᠠᠰᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠦᠷᠨᠢᠬᠦᠯᠦᠭ᠍ᠰᠨᠨ ᠪᠠᠢ᠌ᠳ᠋ᠠᠯ ᠤᠨ ᠲᠤᠭᠤᠷᠢᠨ ᠳ᠋ᠥ ᠶᠠᠷᠢᠯᠴᠠᠵᠤ ᠰᠠᠨᠠᠯ ᠰᠤᠯᠢᠯᠴᠠᠪᠠ᠃ (ᠳ᠋ᠠᠢ ᠰᠢᠶᠦ᠋ᠩ)