ᠡᠤ ᠴᠢᠩ ᠬᠠᠢ ᠦᠨᠳ᠋ᠤᠰᠤᠨ ᠱᠠᠳ᠋ᠤᠨ ᠳ᠋ᠥ ᠬᠦᠨᠵᠡᠭᠡᠢ᠌ᠷᠡᠨ ᠬᠢᠵᠢᠭ᠌ ᠤᠨ ᠪᠠᠢ᠌ᠳ᠋ᠠᠯ ᠢ ᠰᠡᠷᠬᠡᠢ᠌ᠯᠡᠨ ᠡᠵᠡᠮᠳ᠋ᠡᠬᠦ ᠠᠵᠢᠯ ᠢ ᠬᠢᠨᠠᠨ ᠵᠢᠯᠤᠭᠤᠳᠪᠠ

10 ᠰᠠᠷ᠎ᠠ ᠶᠢᠨ27 ᠤ ᠡᠳ᠋ᠤᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠤ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳ᠋ᠥ ᠬᠦᠨᠵᠡᠭᠡᠢ᠌ᠷᠡᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠬᠢᠨᠠᠨ ᠵᠢᠯᠤᠭᠤᠳᠪᠠ᠃ ᠪᠠᠶᠠᠷᠳ᠋ᠤᠬᠤᠰᠢᠭᠤ ᠪᠠᠯᠭᠠᠰᠤᠨ ᠤ ᠨᠠᠮ ᠵᠠᠰᠠᠭ ᠤᠨ ᠭᠡᠰᠢᠬᠦᠨ ᠵᠢᠴᠢ ᠡᠷᠡᠬᠦᠯ ᠬᠠᠮᠠᠭᠠᠯᠠᠯ ᠤᠨ ᠬᠤᠷᠢᠶ᠎ᠠ᠂ ᠰᠤᠷᠭᠠᠭᠤᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠳ᠋ᠠᠨ ᠢ ᠴᠤᠭᠯᠠᠭᠤᠯᠤᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠤᠨ ᠬᠤᠷᠠᠯ ᠬᠤᠷᠠᠯᠳ᠋ᠤᠭᠤᠯᠵᠤ᠂ ᠭᠤᠤᠯ ᠬᠠᠷᠢᠭᠤᠴᠠᠯᠭᠠᠳ᠋ᠠᠨ ᠤ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠦᠷᠨᠢᠬᠦᠯᠦᠭ᠍ᠰᠨᠨ ᠪᠠᠢ᠌ᠳ᠋ᠠᠯ ᠤᠨ ᠠᠵᠢᠯ ᠤᠨ ᠮᠡᠳ᠋ᠡᠬᠦᠯᠤᠯᠳ᠋ᠠ ᠶᠢ ᠰᠤᠨᠤᠰᠴᠤ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠤᠨ ᠪᠠᠢ᠌ᠷᠢᠯᠠᠭᠤᠯᠤᠯᠳ᠋ᠠ᠂ ᠪᠠᠴᠢᠮ ᠠᠷᠭᠠᠴᠠᠬᠤ ᠲᠤᠭᠳ᠋ᠠᠯᠴᠠᠭᠠ᠂ ᠠᠵᠢᠯᠳ᠋ᠠᠨ ᠤ ᠮᠡᠳ᠋ᠡᠭᠡ ᠵᠠᠩᠬᠢ ᠶᠢᠨ ᠪᠠᠢ᠌ᠴᠠᠭᠠᠯᠳ᠋ᠠ᠂ ᠡᠮᠴᠢᠯᠡᠭᠡ ᠶᠢᠨ ᠡᠳ᠋ ᠪᠤᠳ᠋ᠠᠰ ᠢ ᠨᠦ᠋ᠭᠡᠴᠡᠯᠡᠬᠦ ᠪᠠ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠤᠬᠠᠭᠤᠯᠭ᠎ᠠ ᠶᠢ ᠲᠠᠢ᠌ᠴᠢᠯᠠᠬᠤ ᠵᠡᠷᠭᠡ ᠲᠠᠯ᠎ᠠ ᠶᠢᠨ ᠠᠵᠢᠯ ᠢ ᠨᠠᠷᠢᠯᠢᠭ ᠤᠢ᠌ᠯᠠᠭᠠᠬᠤ ᠶᠢᠨ ᠬᠠᠮᠳ᠋ᠤ᠂ ᠨᠢᠳ᠋ᠤᠨ ᠡᠮᠤᠨᠡᠬᠢ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠳ᠋ᠥ ᠵᠢᠯᠤᠭᠤᠳᠬᠤ ᠴᠢᠨᠠᠷᠳ᠋ᠠᠢ ᠰᠠᠨᠠᠭᠤᠯᠭ᠎ᠠ ᠲᠤᠷᠠᠳᠪᠠ᠃

ᠡᠤ ᠴᠢᠩ ᠬᠠᠢ ᠡᠴᠨ᠂ ᠪᠠᠶᠠᠷᠳ᠋ᠤᠬᠤᠰᠢᠭᠤ ᠪᠠᠯᠭᠠᠰᠤᠨ ᠤ ᠨᠠᠮ ᠵᠠᠰᠠᠭ ᠤᠨ ᠤᠳ᠋ᠤᠷᠢᠳ᠋ᠤᠯᠭ᠎ᠠ ᠺᠠᠳ᠋ᠷ ᠨᠢᠳ᠋ᠤᠨ ᠡᠮᠤᠨᠡᠭᠢ ᠰᠢᠨ᠎ᠠ ᠲᠢᠳ᠋ᠢᠮᠯᠢᠭ᠌ ᠠᠭᠤᠰᠬᠢᠨ ᠦᠷᠪᠢᠰᠤᠯ ᠤᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠤᠨ ᠬᠠᠳ᠋ᠠᠭᠤ ᠴᠢᠩᠭ᠎ᠠ ᠪᠠᠢ᠌ᠳ᠋ᠠᠯ ᠢ ᠬᠦᠨᠵᠡᠭᠡᠢ ᠲᠠᠨᠢᠵᠤ᠂ ᠬᠠᠷᠢᠭᠤᠴᠠᠯᠭ᠎ᠠ ᠡᠬᠦᠷᠭᠡᠯᠡᠨ᠂ ᠡᠬᠦᠷᠭᠡ ᠲᠤᠰᠢᠶᠠᠯ ᠶᠢᠡᠨ ᠬᠦᠢᠴᠡᠳᠭᠡᠵᠤ᠂ ᠪᠦᠬᠦ ᠬᠤᠰᠢᠭᠤᠨ ᠤ ᠰᠢᠨ᠎ᠠ ᠲᠢᠳ᠋ᠢᠮᠯᠢᠭ᠌ ᠠᠭᠤᠰᠬᠢᠨ ᠦᠷᠪᠢᠰᠤᠯ ᠤᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠲᠦ᠋ᠯᠬᠢᠨ ᠠᠬᠢᠭᠤᠯᠬᠤ ᠬᠤᠷᠠᠯ ᠤᠨ ᠵᠤᠷᠢᠭ ᠰᠠᠨᠠᠭ᠎ᠠ ᠶᠢ ᠰᠠᠢ᠌ᠳ᠋ᠤᠷ ᠲᠤᠭᠤᠰᠢᠯᠠᠭᠤᠯᠤᠨ᠂ ᠡᠯ᠎ᠠ ᠵᠤᠢ᠌ᠯ ᠤᠨ ᠰᠡᠷᠭᠡᠢ᠌ᠯᠡᠨ ᠡᠵᠡᠮᠳ᠋ᠡᠬᠦ ᠠᠷᠭ᠎ᠠ ᠠᠪᠴᠠᠯ ᠢ ᠪᠤᠳ᠋ᠠᠳ᠋ᠠᠢ ᠳ᠋ᠥ ᠨᠠᠢ᠌ᠳ᠋ᠠᠪᠤᠷᠢᠵᠢᠭᠤᠯᠬᠤ ᠭᠡᠷᠡᠭ᠍ᠳ᠋ᠡᠢ ᠭᠡᠵᠤ ᠱᠠᠭᠠᠷᠳ᠋ᠠᠵᠠᠢ᠃


ᠡᠤ ᠴᠢᠩ ᠬᠠᠢ ᠡᠴᠨ᠂ ᠡᠯ᠎ᠠ ᠱᠠᠳ᠋ᠤᠨ ᠤ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠪᠠᠢ᠌ᠷᠢᠯᠠᠭᠤᠯᠤᠯᠳ᠋ᠠ ᠶᠢᠨ ᠱᠠᠭᠠᠷᠳ᠋ᠠᠯᠭ᠎ᠠ ᠶᠢ ᠴᠢᠩᠭ᠎ᠠ ᠭᠡᠷᠡᠭ᠍ᠵᠢᠬᠦᠯᠤᠨ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠪᠠᠴᠢᠮ ᠲᠤᠯᠭᠠᠮ᠎ᠠ ᠴᠢᠨᠠᠷ ᠪᠠ ᠪᠤᠳ᠋ᠤᠯᠢᠶᠠᠨᠳ᠋ᠤ ᠴᠢᠨᠠᠷ ᠢ ᠬᠦᠢᠴᠡᠳ ᠲᠠᠨᠢᠵᠤ᠂ ᠵᠠᠪᠰᠢᠶᠠᠨᠳ᠋ᠤ ᠰᠡᠳᠬᠢᠴᠨ ᠪᠠ ᠲᠠᠢ᠌ᠪᠤᠰᠢᠷᠠᠬᠤ ᠪᠤᠳ᠋ᠤᠯ ᠢ ᠡᠷᠡᠰ ᠲᠠᠪᠴᠢᠵᠤ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠡᠯ᠎ᠠ ᠲᠦ᠋ᠷᠤᠯ ᠤᠨ ᠠᠷᠭ᠎ᠠ ᠠᠪᠴᠠᠯ ᠢ ᠨᠠᠷᠢᠨ ᠨᠢᠭᠳ᠋ᠠ ᠰᠠᠢ᠌ᠳ᠋ᠤᠷ ᠨᠠᠢ᠌ᠳ᠋ᠠᠪᠤᠷᠢᠵᠢᠭᠤᠯᠬᠤ ᠭᠡᠷᠡᠭ᠍ᠳ᠋ᠡᠢ ᠭᠡᠵᠤ ᠴᠢᠬᠤᠯᠠᠴᠢᠯᠠᠪᠠ᠃ (ᠳ᠋ᠠᠢ ᠰᠢᠶᠦ᠋ᠩ)