ᠤᠳᠤ ᠶᠢᠨ ᠪᠠᠢ᠌ᠷᠢ᠄ ᠴᠢᠬᠤᠯᠠ ᠮᠡᠳᠡᠭᠡ → ᠪᠦᠬᠦ ᠬᠤᠰᠢᠭᠤᠨ ᠤ ᠡᠯ᠎ᠠ ᠱᠠᠳ᠋ᠤᠨ ᠤ ᠠᠷᠠᠳ ᠤᠨ᠁
ᠪᠦᠬᠦ ᠬᠤᠰᠢᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠲᠦ᠋ᠯᠤᠭᠡᠯᠡᠭ᠍ᠴᠢ ᠶᠢ ᠤᠷᠢᠶᠠᠯᠠᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠰᠠᠢ᠌ᠳ᠋ᠤᠷ ᠬᠢᠬᠦ ᠲᠤᠬᠠᠢ ᠰᠠᠨᠠᠭᠠᠴᠢᠯᠠᠭ᠎ᠠ ᠶᠢᠨ ᠪᠢᠴᠢᠭ᠌

ᠪᠦᠬᠦ ᠬᠤᠰᠢᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠲᠦ᠋ᠯᠤᠭᠡᠯᠡᠭ᠍ᠴᠢ ᠳ᠋ᠥ᠄

ᠤᠢ᠌ᠷ᠎ᠠ ᠳ᠋ᠥ᠂ ᠮᠠᠨ ᠤ ᠤᠷᠤᠨ ᠤ ᠭᠡᠰᠡᠭ᠌ ᠭᠠᠵᠠᠷ ᠤᠷᠤᠨ ᠳ᠋ᠥ ᠰᠢᠨ᠎ᠠ ᠲᠢᠳ᠋ᠢᠮᠯᠢᠭ᠌ ᠠᠭᠤᠰᠬᠢᠨ ᠦᠷᠪᠢᠰᠤᠯ ᠤᠨ ᠲᠤᠬᠠᠢ ᠶᠢᠨ ᠭᠠᠵᠠᠷ ᠲᠠᠭᠠᠠ ᠤᠨᠤᠰᠢᠯᠠᠭᠰᠨᠨ ᠡᠪᠡᠳᠴᠢᠳ᠋ᠠᠨ ᠵᠠᠯᠭᠠᠪᠠᠷ ᠢᠯᠡᠷᠡᠵᠤ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠪᠠᠢ᠌ᠳ᠋ᠠᠯ ᠲᠤᠢ᠌ᠯ ᠤᠨ ᠬᠦᠨᠳ᠋ᠤ ᠨᠤᠴᠢᠳ᠋ᠠᠢ ᠪᠠᠢ᠌ᠨ᠎ᠠ᠃ ᠨᠠᠮ ᠤᠨ ᠲᠦ᠋ᠪ ᠬᠤᠷᠢᠶᠠᠨ ᠤ ᠰᠢ᠌ᠳᠪᠤᠷᠢᠳ᠋ᠤ ᠪᠤᠳ᠋ᠤᠯᠭ᠎ᠠ ᠶᠢᠨ ᠪᠠᠢ᠌ᠷᠢᠯᠠᠭᠤᠯᠤᠯᠳ᠋ᠠ ᠪᠠ ᠦᠪᠡᠷᠳ᠋ᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠲᠦ᠋ᠩᠯᠢᠶᠤᠤ ᠬᠤᠳ᠋ᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠢ᠌ᠷᠢᠯᠠᠭᠤᠯᠤᠯᠳ᠋ᠠ ᠶᠢᠨ ᠱᠠᠭᠠᠷᠳ᠋ᠠᠯᠭ᠎ᠠ ᠶᠢ ᠡᠷᠡᠰ ᠲᠤᠭᠤᠰᠢᠯᠠᠭᠤᠯᠤᠨ ᠨᠠᠢ᠌ᠳ᠋ᠠᠪᠤᠷᠢᠵᠢᠭᠤᠯᠵᠤ᠂ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠲᠦ᠋ᠯᠤᠭᠡᠯᠡᠭ᠍ᠴᠢ ᠶᠢᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠲᠤᠮᠳ᠋ᠠᠬᠢ ᠢᠳ᠋ᠡᠪᠬᠢ ᠤᠢ᠌ᠯᠡᠳ᠋ᠤᠯ ᠢ ᠰᠠᠢ᠌ᠳ᠋ᠤᠷ ᠪᠠᠳ᠋ᠠᠷᠠᠭᠤᠯᠬᠤ ᠶᠢᠨ ᠲᠦ᠋ᠯᠤᠭᠡ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠪᠦᠬᠦ ᠬᠤᠰᠢᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠤᠭᠡᠯᠡᠭ᠍ᠴᠢᠳ ᠲᠣ ᠲᠤᠤᠷᠠᠬᠢ ᠮᠡᠳ᠋ᠤ ᠰᠠᠨᠠᠭᠠᠴᠢᠯᠠᠭ᠎ᠠ ᠭᠠᠷᠭᠠᠪᠠ᠄

ᠪᠦᠬᠦ ᠬᠤᠰᠢᠭᠤᠨ ᠤ ᠡᠯ᠎ᠠ ᠱᠠᠳ᠋ᠤᠨ ᠤ ᠠᠷᠠᠳ ᠤᠨ ᠲᠦ᠋ᠯᠤᠭᠡᠯᠡᠭ᠍ᠴᠢᠳ ᠰᠢᠨ᠎ᠠ ᠲᠢᠳ᠋ᠢᠮᠯᠢᠭ᠌ ᠠᠭᠤᠰᠬᠢᠨ ᠦᠷᠪᠢᠰᠤᠯ ᠤᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠰᠠᠢ᠌ᠳ᠋ᠤᠷ ᠬᠢᠬᠦ ᠶᠢᠨ ᠬᠦᠨᠳ᠋ᠤ ᠴᠢᠬᠤᠯᠨ ᠴᠢᠨᠠᠷ ᠢ ᠬᠦᠢᠴᠡᠳ ᠲᠠᠨᠢᠵᠤ᠂ ᠤᠬᠠᠮᠰᠠᠷ ᠡᠴᠨ ᠪᠠᠨ ᠤᠯᠤᠰ ᠲᠦ᠋ᠷᠤ ᠶᠢᠨ ᠵᠤᠭᠰᠤᠴᠨ ᠪᠠᠨ ᠲᠠᠭᠡᠭ᠍ᠰᠢᠯᠡᠬᠦᠯᠤᠨ᠂ ᠦᠵᠡᠯ ᠰᠠᠨᠠᠭ᠎ᠠ ᠪᠠᠨ ᠨᠢᠭᠡᠳᠭᠡᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠳ᠋ᠠᠯᠠᠨ᠂ ᠲᠦ᠋ᠭ᠍ᠰᠢᠬᠦᠷᠢ ᠶᠢᠨ ᠤᠬᠠᠮᠰᠠᠷ ᠶᠢᠡᠨ ᠴᠢᠩᠭ᠋ᠠᠳᠬᠠᠵᠤ᠂ ᠦᠷᠭᠡᠨ ᠤᠯᠠᠨ ᠲᠦ᠋ᠮᠨᠨ ᠤ ᠠᠮᠢ ᠨᠠᠰᠤᠨ ᠤ ᠠᠮᠤᠷ ᠲᠦ᠋ᠪᠰᠢᠨ ᠪᠠ ᠪᠠᠶ᠎ᠠ ᠮᠠᠬᠠᠪᠤᠤᠨ ᠤᠨ ᠡᠷᠡᠬᠦᠯ ᠮᠡᠨᠳ᠋ᠤ ᠶᠢ ᠢᠮᠠᠭᠳ᠋ᠠ ᠲᠠᠷᠢᠬᠦᠨ ᠪᠠᠢ᠌ᠷᠢᠨ ᠳ᠋ᠥ ᠲᠠᠯᠪᠢᠨ᠂ ᠡᠬᠦᠷᠭᠡ ᠬᠠᠷᠢᠭᠤᠴᠠᠯᠭ᠎ᠠ ᠪᠠᠨ ᠦᠨᠡᠨᠬᠦ ᠬᠦᠢᠴᠡᠳᠭᠡᠵᠤ᠂ ᠲᠦ᠋ᠯᠤᠭᠡᠯᠡᠭ᠍ᠴᠢ ᠶᠢᠨ ᠤᠬᠠᠮᠰᠠᠷ ᠶᠢᠡᠨ ᠴᠢᠩᠭ᠋ᠠᠳᠬᠠᠨ᠂ ᠡᠬᠦᠷᠭᠡᠯᠡᠯ ᠶᠢᠡᠨ ᠢᠯᠡᠷᠡᠬᠦᠯᠵᠤ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠬᠤᠷᠢᠭᠯᠠᠯᠳ᠋ᠠ ᠶᠢᠨ ᠲᠠᠢ᠌ᠯᠠᠯᠳ᠋ᠤᠭᠠᠨ ᠳ᠋ᠥ ᠰᠠᠨᠠᠭᠠᠴᠢᠯᠠᠭ᠎ᠠ ᠡᠴᠨ ᠪᠠᠨ ᠤᠷᠤᠯᠴᠠᠨ᠂《ᠭᠠᠳ᠋ᠠᠨ᠎ᠠ ᠡᠴᠨ ᠬᠠᠯᠳ᠋ᠠᠪᠤᠷᠢᠯᠠᠬᠤ ᠪᠠ ᠲᠤᠳ᠋ᠤᠭᠠᠳ᠋ᠤ ᠳᠠᠭᠠᠨ ᠲᠠᠬᠢᠨ ᠡᠬᠦᠰᠬᠦ ᠶᠢ ᠰᠡᠷᠭᠡᠢ᠌ᠯᠡᠬᠦ》ᠡᠯ᠎ᠠ ᠵᠤᠢ᠌ᠯ ᠤᠨ ᠠᠵᠢᠯ ᠢ ᠡᠷᠡᠰ ᠰᠠᠢ᠌ᠳ᠋ᠤᠷ ᠬᠢᠵᠤ᠂ ᠪᠦᠬᠦ ᠬᠤᠰᠢᠭᠤᠨ ᠤ ᠤᠯᠠᠨ ᠲᠦ᠋ᠮᠨᠨ ᠬᠠᠮᠳ᠋ᠤᠪᠠᠷ ᠤᠷᠤᠯᠴᠠᠵᠤ᠂ ᠬᠠᠮᠳ᠋ᠤᠪᠠᠷ ᠬᠦᠴᠢᠷ ᠢ ᠲᠤᠭᠤᠯᠬᠤ ᠶᠢ ᠢᠳ᠋ᠡᠪᠬᠢᠳ᠋ᠠᠢ ᠲᠦ᠋ᠯᠬᠢᠨ ᠠᠬᠢᠭᠤᠯᠬᠤ ᠭᠡᠷᠡᠭ᠍ᠳ᠋ᠡᠢ᠃

ᠠᠷᠠᠳ ᠤᠨ ᠲᠦ᠋ᠯᠤᠭᠡᠯᠡᠭ᠍ᠴᠢᠳ ᠠᠷᠠᠳ ᠲᠦ᠋ᠮᠡᠨ ᠡᠴᠨ ᠢᠷᠡᠵᠤ᠂ ᠤᠯᠨᠨ ᠲᠦ᠋ᠮᠨᠨ ᠤ ᠲᠤᠮᠳ᠋ᠠ ᠦᠨᠳ᠋ᠤᠰᠤᠯᠡᠨ᠂ ᠠᠷᠠᠳ ᠤᠯᠨᠨ ᠲᠡᠶ ᠨᠢᠭᠳ᠋ᠠ ᠬᠠᠷᠢᠯᠴᠠᠳ᠋ᠠᠭ ᠲᠠᠪᠠᠭᠤᠯᠢᠭ ᠲᠠᠯ᠎ᠠ ᠶᠢᠡᠨ ᠬᠦᠢᠴᠡᠳ ᠪᠠᠳ᠋ᠠᠷᠠᠭᠤᠯᠤᠨ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠲᠤᠭᠳ᠋ᠠᠭᠠᠯ ᠢ ᠲᠦ᠋ᠷᠤᠬᠦᠯᠡᠨ ᠵᠢᠷᠤᠮᠯᠠᠵᠤ᠂ ᠮᠡᠳ᠋ᠡᠬᠦᠯᠤᠯᠳ᠋ᠠ ᠶᠢᠨ ᠲᠦ᠋ᠷᠢᠮ ᠢ ᠴᠢᠩᠭ᠎ᠠ ᠨᠠᠢ᠌ᠳ᠋ᠠᠪᠤᠷᠢᠵᠢᠭᠤᠯᠤᠨ᠂ ᠠᠯᠢ ᠴᠢᠳ᠋ᠠᠬᠤ ᠪᠠᠷ ᠭᠠᠳ᠋ᠠᠭᠰᠢ ᠭᠠᠷᠬᠤ ᠦᠭᠡᠶ ᠪᠠᠢ᠌ᠬᠤ ᠭᠡᠷᠡᠭ᠍ᠳ᠋ᠡᠢ᠃ ᠴᠤᠤᠷᠬᠠᠯ ᠢ ᠢᠳ᠋ᠡᠭᠡᠬᠦ ᠦᠭᠡᠶ᠂ ᠴᠤᠤᠷᠬᠠᠯ ᠲᠠᠷᠬᠠᠭᠠᠬᠤ ᠦᠭᠡᠶ᠂ ᠶᠠᠮᠠᠷᠪᠠ ᠦᠨᠡᠨ ᠪᠤᠳ᠋ᠠᠳ᠋ᠠᠢ ᠪᠤᠰᠤ ᠮᠡᠳ᠋ᠡᠭᠡ ᠵᠠᠩᠬᠢ ᠶᠢ ᠤᠯᠠᠮᠵᠢᠯᠠᠬᠤ ᠦᠭᠡᠶ ᠪᠠᠢ᠌ᠬᠤ ᠶᠢ ᠲᠦ᠋ᠷᠤᠬᠦᠯᠡᠨ ᠪᠠᠶᠠᠯᠡᠬᠦᠯᠬᠦ ᠭᠡᠷᠡᠭ᠍ᠳ᠋ᠡᠢ᠃ᠤᠯᠠᠨ ᠬᠦᠮᠤᠨ ᠤ ᠴᠤᠭᠯᠠᠭ᠎ᠠ᠎ ᠬᠢᠬᠦ ᠦᠭᠡᠶ ᠶᠢ ᠲᠦ᠋ᠷᠤᠬᠦᠯᠡᠨ ᠰᠠᠢ᠌ᠳ᠋ᠤᠷ ᠬᠢᠵᠤ᠂ ᠤᠯᠨᠨ ᠲᠦ᠋ᠮᠨᠨ ᠳ᠋ᠥ ᠲᠠᠭᠤᠷᠢᠶᠠᠯ ᠦᠵᠡᠬᠦᠯᠬᠦ ᠭᠡᠷᠡᠭ᠍ᠳ᠋ᠡᠢ᠃《ᠪᠢ ᠪᠤᠯ ᠲᠦ᠋ᠯᠤᠭᠡᠯᠡᠭ᠍ᠴᠢ᠂ ᠲᠠᠨ ᠳ᠋ᠥ ᠬᠠᠪᠰᠤᠷᠤᠨ᠎ᠠ》ᠭᠡᠬᠦ ᠠᠵᠢᠯᠯᠠᠭ᠎ᠠ ᠶᠢ ᠢᠳ᠋ᠡᠪᠬᠢᠳ᠋ᠠᠢ ᠦᠷᠨᠢᠬᠦᠯᠵᠤ᠂ ᠰᠠᠭᠤᠭ᠎ᠠ ᠭᠠᠴᠠᠭ᠎ᠠ ᠲᠤᠰᠬᠤᠨ (ᠬᠤᠪᠢᠶᠠᠷᠢ ᠲᠠᠯᠠᠪᠠᠢ)᠂ ᠨᠡᠢ᠌ᠭᠡᠮ ᠲᠤᠭᠤᠷᠢᠭ᠂ ᠰᠠᠭᠤᠭᠠᠯᠢ ᠲᠤᠭᠤᠷᠢᠭ ᠲᠡᠶ ᠬᠠᠮᠵᠢᠯᠴᠠᠵᠤ ᠬᠢᠵᠢᠭ᠌ ᠤᠨ ᠪᠠᠢ᠌ᠳ᠋ᠠᠯ ᠢ ᠬᠢᠨᠠᠨ ᠭᠡᠮᠵᠢᠬᠦ᠂ ᠨᠠᠷᠢᠯᠢᠭ ᠪᠠᠢ᠌ᠴᠠᠭᠠᠬᠤ᠂ ᠰᠡᠷᠭᠡᠢ᠌ᠯᠡᠨ ᠡᠵᠡᠮᠳ᠋ᠡᠬᠦ ᠵᠡᠷᠭᠡ ᠠᠵᠢᠯ ᠢ ᠰᠠᠢ᠌ᠳ᠋ᠤᠷ ᠬᠢᠵᠤ᠂ ᠲᠦ᠋ᠯᠤᠭᠡᠯᠡᠭ᠍ᠴᠢ ᠨᠢᠭᠡᠪᠤᠷᠢ ᠪᠤᠳ᠋ᠠᠳ᠋ᠤ ᠠᠵᠢᠯᠯᠠᠭ᠎ᠠ ᠪᠠᠷ ᠶᠢᠡᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠬᠤᠰᠢᠭᠤᠴᠢ ᠪᠤᠯᠬᠤ ᠪᠠᠷ ᠴᠢᠷᠮᠠᠢ᠌ᠬᠤ ᠭᠡᠷᠡᠭ᠍ᠳ᠋ᠡᠢ᠃ ᠨᠠᠮ ᠡᠴᠨ ᠤᠷᠢᠶᠠᠯᠠᠭ᠎ᠠ ᠭᠠᠷᠭᠠᠬᠤ᠂ ᠪᠢ ᠠᠵᠢᠯᠯᠠᠭ᠎ᠠ ᠲᠡᠶ ᠪᠠᠢ᠌ᠬᠤ᠂ ᠠᠵᠢᠯ ᠤᠨ ᠪᠠᠢ᠌ᠷᠢ ᠳᠠᠭᠠᠨ ᠰᠠᠭᠤᠷᠢᠯᠠᠨ ᠵᠢᠱᠢᠶᠡᠴᠢ ᠪᠠᠷ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠶᠢ ᠪᠠᠶᠠᠯᠡᠬᠦᠯᠵᠤ᠂ ᠠᠳ᠋ᠠᠯᠢ ᠪᠤᠰᠤ ᠠᠵᠢᠯ ᠲᠦ᠋ᠷᠤᠯ᠂ ᠠᠳ᠋ᠠᠯᠢ ᠪᠤᠰᠤ ᠠᠵᠢᠯ ᠤᠨ ᠪᠠᠢ᠌ᠷᠢ ᠶᠢᠨ ᠲᠠᠪᠠᠭᠤᠯᠢᠭ ᠲᠡᠶ ᠤᠶᠠᠯᠳ᠋ᠤᠭᠤᠯᠤᠨ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠳ᠋ᠥ ᠢᠳ᠋ᠡᠪᠬᠢᠳ᠋ᠠᠢ ᠤᠷᠤᠯᠴᠠᠵᠤ᠂ ᠪᠤᠳ᠋ᠠᠳ᠋ᠤ ᠠᠵᠢᠯᠯᠠᠭ᠎ᠠ ᠪᠠᠷ ᠶᠢᠡᠨ ᠠᠷᠠᠳ ᠤᠨ ᠲᠦ᠋ᠯᠤᠭᠡᠯᠡᠭ᠍ᠴᠢ ᠶᠢᠨ ᠬᠠᠷᠢᠭᠤᠴᠠᠯᠭ᠎ᠠ ᠡᠬᠦᠷᠭᠡᠯᠡᠯ ᠢ ᠢᠯᠡᠷᠡᠬᠦᠯᠬᠦ ᠭᠡᠷᠡᠭ᠍ᠳ᠋ᠡᠢ᠃ ᠨᠠᠮ ᠵᠠᠰᠠᠭ ᠤᠨ ᠪᠠᠢ᠌ᠭᠤᠯᠭ᠎ᠠ ᠶᠢᠨ ᠠᠷᠠᠳ ᠤᠨ ᠲᠦ᠋ᠯᠤᠭᠡᠯᠡᠭ᠍ᠴᠢ ᠨᠠᠮ ᠤᠨ ᠬᠤᠷᠢᠶᠠᠨ ᠤ ᠱᠠᠭᠠᠷᠳ᠋ᠠᠯᠭ᠎ᠠ ᠶᠢ ᠴᠢᠩᠭ᠎ᠠ ᠵᠢᠷᠤᠮᠯᠠᠵᠤ᠂ ᠠᠵᠢᠯ ᠤᠨ ᠪᠠᠢ᠌ᠷᠢ ᠶᠢᠨ ᠡᠬᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠬᠦᠢᠴᠡᠳᠭᠡᠨ᠂ ᠪᠦᠬᠦ ᠬᠤᠰᠢᠭᠤᠨ ᠤ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠪᠠ ᠠᠵᠤ ᠠᠬᠤᠢ ᠨᠡᠢ᠌ᠭᠡᠮ ᠤᠨ ᠬᠦᠭ᠍ᠵᠢᠯᠳ᠋ᠠ ᠶᠢᠨ ᠡᠯ᠎ᠠ ᠲᠦ᠋ᠷᠤᠯ ᠤᠨ ᠠᠵᠢᠯ ᠢ ᠨᠢᠭᠡᠳ᠋ᠤᠯᠳ᠋ᠠᠢ ᠲᠦ᠋ᠯᠤᠪᠵᠢᠬᠦᠯᠤᠨ ᠰᠠᠢ᠌ᠳ᠋ᠤᠷ ᠬᠢᠬᠦ ᠭᠡᠷᠡᠭ᠍ᠳ᠋ᠡᠢ᠃ ᠡᠮ ᠡᠮᠨᠡᠯᠭᠡ ᠡᠷᠡᠬᠦᠯ ᠬᠠᠮᠠᠭᠠᠯᠠᠯ ᠤᠨ ᠠᠵᠢᠯ ᠲᠦ᠋ᠷᠤᠯ ᠤᠨ ᠠᠷᠠᠳ ᠤᠨ ᠲᠦ᠋ᠯᠤᠭᠡᠯᠡᠭ᠍ᠴᠢ ᠲᠤᠰᠬᠠᠢ ᠮᠡᠷᠭᠡᠵᠢᠯ ᠤᠨ ᠲᠠᠪᠠᠭᠤᠯᠢᠭ ᠶᠢᠡᠨ ᠪᠠᠳ᠋ᠠᠷᠠᠭᠤᠯᠵᠤ᠂ ᠰᠡᠷᠭᠡᠢ᠌ᠯᠡᠨ ᠡᠵᠡᠮᠳ᠋ᠡᠬᠦ ᠮᠡᠳ᠋ᠡᠯᠭᠡ ᠶᠢᠨ ᠤᠬᠠᠭᠤᠯᠭ᠎ᠠ᠂ ᠡᠪᠡᠳᠴᠢᠳ᠋ᠠᠨ ᠢ ᠠᠪᠤᠷᠠᠨ ᠵᠠᠰᠠᠬᠤ ᠪᠠ ᠰᠡᠷᠭᠡᠢ᠌ᠯᠡᠨ ᠡᠵᠡᠮᠳ᠋ᠡᠬᠦ ᠬᠦᠴᠤᠨ ᠢ ᠵᠤᠬᠢᠶᠠᠨ ᠪᠠᠢ᠌ᠭᠤᠯᠬᠤ ᠠᠵᠢᠯ ᠢ ᠰᠠᠢ᠌ᠳ᠋ᠤᠷ ᠬᠢᠬᠦ ᠭᠡᠷᠡᠭ᠍ᠳ᠋ᠡᠢ᠃ ᠠᠵᠤ ᠠᠬᠤᠢ᠌ᠯᠠᠯ ᠳ᠋ᠡᠬᠢ ᠠᠷᠠᠳ ᠤᠨ ᠲᠦ᠋ᠯᠤᠭᠡᠯᠡᠭ᠍ᠴᠢ ᠰᠠᠢ᠌ᠳ᠋ᠤᠷ ᠭᠡᠪ ᠲᠠᠭᠤᠷᠢᠶᠠᠯ ᠦᠵᠡᠬᠦᠯᠵᠤ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠱᠠᠭᠠᠷᠳ᠋ᠠᠯᠭ᠎ᠠ ᠶᠢ ᠵᠢᠱᠢᠶᠡᠴᠢ ᠪᠠᠷ ᠭᠡᠷᠡᠭ᠍ᠵᠢᠬᠦᠯᠤᠨ᠂ ᠠᠵᠤ ᠠᠬᠤᠢ᠌ᠯᠠᠯ ᠤᠨ ᠠᠵᠢᠯᠳ᠋ᠠᠨ ᠠᠵᠢᠯᠴᠢᠨ ᠤ ᠦᠵᠡᠯ ᠰᠠᠨᠠᠭᠠᠨ ᠤ ᠠᠵᠢᠯ ᠢ ᠬᠠᠮᠵᠢᠯᠴᠠᠨ ᠰᠠᠢ᠌ᠳ᠋ᠤᠷ ᠬᠢᠵᠤ᠂ ᠠᠵᠤ ᠠᠬᠤᠢ᠌ᠯᠠᠯ ᠤᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠡᠳ᠋ ᠪᠤᠳ᠋ᠠᠰ ᠤᠨ ᠤᠢ᠌ᠯᠡᠳᠪᠤᠷᠢᠯᠡᠯ ᠪᠠ ᠪᠠᠳ᠋ᠤᠯᠠᠭ᠎ᠠ ᠶᠢᠨ ᠠᠵᠢᠯ ᠢ ᠰᠠᠢ᠌ᠳ᠋ᠤᠷ ᠬᠢᠬᠦ ᠶᠢ ᠲᠠᠮᠵᠢᠬᠦ ᠭᠡᠷᠡᠭ᠍ᠳ᠋ᠡᠢ᠃ ᠭᠠᠴᠠᠭ᠎ᠠ ᠲᠤᠰᠬᠤᠨ᠂ ᠨᠡᠢ᠌ᠭᠡᠮ ᠲᠤᠭᠤᠷᠢᠭ ᠤᠨ ᠠᠷᠠᠳ ᠤᠨ ᠲᠦ᠋ᠯᠤᠭᠡᠯᠡᠭ᠍ᠴᠢ ᠲᠦ᠋ᠷᠤᠬᠦᠯᠡᠨ ᠭᠡᠷ ᠤᠨ ᠬᠦᠮᠤᠰ ᠲᠦ᠋ᠷᠤᠯ ᠰᠠᠳ᠋ᠤᠨ ᠨᠠᠢ᠌ᠵᠨ ᠨᠦ᠋ᠬᠦᠤᠨ ᠶᠢᠡᠨ ᠲᠠᠭᠠᠭᠤᠯᠤᠨ ᠲᠠᠢ᠌ᠴᠢᠯᠠᠵᠤ᠂ ᠦᠪᠡᠷ ᠢ ᠪᠠᠨ ᠬᠠᠮᠠᠭᠠᠯᠠᠬᠤ ᠠᠵᠢᠯ ᠢ ᠴᠢᠩᠭ᠋ᠠᠳᠬᠠᠨ᠂ ᠰᠡᠷᠭᠡᠢ᠌ᠯᠡᠨ ᠡᠵᠡᠮᠳ᠋ᠡᠬᠦ ᠮᠡᠳ᠋ᠡᠯᠭᠡ ᠶᠢ ᠢᠳ᠋ᠡᠪᠬᠢᠳ᠋ᠠᠢ ᠤᠬᠠᠭᠤᠯᠵᠤ᠂ ᠠᠷᠠᠳ ᠤᠨ ᠪᠠᠢ᠌ᠳ᠋ᠠᠯ ᠠᠷᠠᠳ ᠤᠨ ᠰᠠᠨᠠᠭ᠎ᠠ ᠶᠢ ᠴᠠᠭ ᠲᠤᠬᠠᠢ ᠳ᠋ᠤᠨᠢ ᠬᠦᠳ᠋ᠤᠯᠤᠨ ᠵᠢᠯᠤᠭᠤᠳᠴᠤ᠂ ᠲᠤᠬᠠᠢ ᠶᠢᠨ ᠭᠠᠵᠠᠷ ᠤᠨ ᠨᠠᠮ ᠤᠨ ᠬᠤᠷᠢᠶ᠎ᠠ᠂ ᠵᠠᠰᠠᠭ ᠤᠨ ᠤᠷᠳ᠋ᠤᠨ ᠲᠡᠶ ᠬᠠᠮᠵᠢᠯᠴᠠᠨ ᠰᠡᠵᠢᠭ᠌ ᠲᠦ᠋ᠭᠡᠷᠢᠭ᠍ᠳ᠋ᠡᠯ ᠢ ᠲᠠᠢ᠌ᠯᠬᠤ ᠠᠵᠢᠯ ᠢ ᠰᠠᠢ᠌ᠳ᠋ᠤᠷ ᠬᠢᠬᠦ ᠭᠡᠷᠡᠭ᠍ᠳ᠋ᠡᠢ᠃

ᠲᠦ᠋ᠯᠤᠭᠡᠯᠡᠭ᠍ᠴᠢᠳ ᠡ᠂ ᠬᠠᠳ᠋ᠠᠭᠤ ᠪᠡᠷᠭᠡ ᠴᠠᠭ ᠮᠦ᠋ᠴᠨ ᠳ᠋ᠥ ᠮᠦ᠋ᠨ ᠴᠢᠨᠠᠷ ᠶᠢᠡᠨ ᠢᠯᠡᠷᠡᠬᠦᠯᠵᠤ᠂ ᠬᠦᠴᠢᠷ ᠪᠡᠷᠭᠡᠰᠢᠶᠠᠯ ᠲᠡᠶ ᠴᠠᠭ ᠮᠦ᠋ᠴᠨ ᠳ᠋ᠥ ᠬᠠᠷᠢᠭᠤᠴᠠᠯᠭ᠎ᠠ ᠡᠬᠦᠷᠭᠡᠯᠡᠯ ᠲᠡᠶ ᠪᠠᠢ᠌ᠵᠤ᠂ ᠪᠢᠳ᠋ᠠ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠵᠠᠷᠤᠤᠨ ᠬᠤᠰᠢᠭᠤᠨ ᠤ ᠬᠤᠷᠢᠶ᠎ᠠ ᠶᠢᠨ ᠪᠠᠳ᠋ᠤ ᠴᠢᠩᠭ᠎ᠠ ᠤᠳ᠋ᠤᠷᠢᠳ᠋ᠤᠯᠭ᠎ᠠ ᠲᠤᠤᠷ᠎ᠠ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠳ᠋ᠥ ᠢᠳ᠋ᠡᠪᠬᠢᠳ᠋ᠠᠢ ᠤᠷᠤᠯᠴᠠᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦ᠋ᠪᠰᠢᠨ ᠪᠠ ᠪᠠᠶ᠎ᠠ ᠮᠠᠬᠠᠪᠤᠤᠨ ᠤᠨ ᠡᠷᠡᠬᠦᠯ ᠮᠠᠨᠳ᠋ᠤ ᠶᠢ ᠪᠦᠬᠦ ᠰᠡᠳᠬᠢᠯ ᠪᠦᠬᠦ ᠬᠦᠴᠤᠨ ᠶᠢᠡᠷ ᠶᠢᠡᠨ ᠰᠠᠬᠢᠨ ᠬᠠᠮᠠᠭᠠᠯᠠᠵᠤ᠂ ᠤᠳ᠋ᠤᠬᠢᠴᠢᠯᠠᠭᠰᠨᠨ ᠵᠠᠷᠤᠤᠨ ᠬᠤᠰᠢᠭᠤᠨ ᠤ ᠪᠦᠳ᠋ᠤᠭᠡᠨ ᠪᠠᠢ᠌ᠭᠤᠯᠤᠯᠳ᠋ᠠ ᠳ᠋ᠥ ᠠᠷᠠᠳ ᠤᠨ ᠲᠦ᠋ᠯᠤᠭᠡᠯᠡᠭ᠍ᠴᠢ ᠶᠢᠨ ᠤᠶᠤᠨ ᠤᠬᠠᠭᠠᠨ ᠪᠠ ᠬᠦᠴᠤᠨ ᠴᠢᠳ᠋ᠠᠯ ᠶᠢᠡᠨ ᠡᠷᠬᠦᠵᠡᠭᠡᠶ᠎ᠠ︕                       

           ᠵᠠᠷᠤᠤᠨ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶ᠎ᠠ                              

                   2021 ᠤᠨ ᠤ 10 ᠰᠠᠷ᠎ᠠ ᠶᠢᠨ28 ᠤ ᠡᠳ᠋ᠤᠷ

ᠡᠮᠦᠨᠡᠬᠢ᠄ ᠡᠤ ᠴᠢᠩ ᠬᠠᠢ ᠦᠨᠳ᠋ᠤᠰᠤᠨ ᠱᠠᠳ᠋ᠤᠨ ᠳ᠋ᠥ ᠬᠦᠨᠵᠡᠭᠡᠢ᠌ᠷᠡᠨ ᠬᠢᠵᠢᠭ᠌ ᠤᠨ ᠪᠠᠢ᠌ᠳ᠋ᠠᠯ ᠢ ᠰᠡᠷᠬᠡᠢ᠌ᠯᠡᠨ ᠡᠵᠡᠮᠳ᠋ᠡᠬᠦ ᠠᠵᠢᠯ ᠢ ᠬᠢᠨᠠᠨ ᠵᠢᠯᠤᠭᠤᠳᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠰᠢᠨ᠎ᠠ ᠲᠢᠳ᠋ᠢᠮᠯᠢᠭ᠌ ᠠᠭᠤᠰᠬᠢᠨ ᠦᠷᠪᠢᠰᠤᠯ ᠤᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠤᠨ ᠬᠤᠷᠠᠯ ᠬᠤᠷᠠᠯᠳ᠋ᠤᠭᠤᠯᠪᠠ