ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠰᠢᠨ᠎ᠠ ᠲᠢᠳ᠋ᠢᠮᠯᠢᠭ᠌ ᠠᠭᠤᠰᠬᠢᠨ ᠦᠷᠪᠢᠰᠤᠯ ᠤᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠤᠨ ᠬᠤᠷᠠᠯ ᠬᠤᠷᠠᠯᠳ᠋ᠤᠭᠤᠯᠪᠠ

10 ᠰᠠᠷ᠎ᠠ ᠶᠢᠨ 28 ᠤ ᠡᠳ᠋ᠤᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠰᠢᠨ᠎ᠠ ᠲᠢᠳ᠋ᠢᠮᠯᠢᠭ᠌ ᠠᠭᠤᠰᠬᠢᠨ ᠦᠷᠪᠢᠰᠤᠯ ᠤᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠤᠨ ᠬᠤᠷᠠᠯ ᠬᠤᠷᠠᠯᠳ᠋ᠤᠭᠤᠯᠪᠠ᠃ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠬᠦᠸᠸ ᠬᠤᠷᠠᠯ ᠡᠷᠬᠢᠯᠡᠵᠤ᠂ ᠪᠠᠢ᠌ᠭᠤᠯᠭ᠎ᠠ ᠶᠢᠨ ᠪᠦᠬᠦ ᠺᠠᠳ᠋ᠷ ᠠᠵᠢᠯᠳ᠋ᠠᠨ ᠬᠤᠷᠠᠯ ᠳ᠋ᠥ ᠤᠷᠤᠯᠴᠠᠪᠠ᠃

ᠬᠤᠷᠠᠯ ᠲᠠᠭᠡᠷ᠎ᠠ᠂ ᠪᠦᠬᠦ ᠬᠤᠰᠢᠭᠤᠨ ᠤ ᠰᠢᠨ᠎ᠠ ᠲᠢᠳ᠋ᠢᠮᠯᠢᠭ᠌ ᠠᠭᠤᠰᠬᠢᠨ ᠦᠷᠪᠢᠰᠤᠯ ᠤᠨ ᠬᠢᠵᠢᠭ᠌ ᠤᠨ ᠪᠠᠢ᠌ᠳ᠋ᠠᠯ ᠢ ᠰᠡᠷᠬᠡᠢ᠌ᠯᠡᠨ ᠡᠵᠡᠮᠳ᠋ᠡᠬᠦ ᠠᠵᠢᠯ ᠢ ᠲᠦ᠋ᠯᠬᠢᠨ ᠠᠬᠢᠭᠤᠯᠬᠤ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠳ᠋ᠤ᠂ ᠤᠳ᠋ᠤᠬᠠᠨ ᠤ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠬᠢᠵᠢᠭ᠌ ᠤᠨ ᠪᠠᠢ᠌ᠳ᠋ᠠᠯ ᠢ ᠰᠡᠷᠬᠡᠢ᠌ᠯᠡᠨ ᠡᠵᠡᠮᠳ᠋ᠡᠬᠦ ᠠᠵᠢᠯ ᠳ᠋ᠥ ᠪᠤᠳ᠋ᠠᠳ᠋ᠠᠢ ᠪᠠᠢ᠌ᠷᠢᠯᠠᠭᠤᠯᠤᠯᠳ᠋ᠠ ᠬᠢᠪᠡ᠃

ᠯᠢ ᠴᠸᠩ ᠬᠦᠸᠸ ᠡᠴᠨ᠂ ᠪᠠᠢ᠌ᠭᠤᠯᠭ᠎ᠠ ᠶᠢᠨ ᠬᠢᠵᠢᠭ᠌ ᠤᠨ ᠪᠠᠢ᠌ᠳ᠋ᠠᠯ ᠢ ᠰᠡᠷᠬᠡᠢ᠌ᠯᠡᠨ ᠡᠵᠡᠮᠳ᠋ᠡᠬᠦ ᠠᠵᠢᠯ ᠤᠨ ᠤᠳ᠋ᠣᠷᠢᠳᠬᠤ ᠪᠠᠭ᠎ᠠ ᠲᠤᠭᠤᠢ᠌ᠯᠠᠩ ᠤᠨ ᠤᠢ᠌ᠯᠡᠳ᠋ᠤᠯ ᠪᠠ ᠲᠤᠰᠢᠶᠠᠯ ᠬᠠᠷᠢᠭᠤᠴᠠᠯᠭ᠎ᠠ ᠶᠢ ᠬᠦᠢᠴᠡᠳ ᠪᠠᠳ᠋ᠠᠷᠠᠭᠤᠯᠵᠤ᠂ 24 ᠴᠠᠭ ᠶᠢᠡᠷ ᠵᠢᠵᠢᠬᠦᠷᠯᠡᠬᠦ ᠲᠦ᠋ᠷᠢᠮ ᠢ ᠴᠢᠩᠭ᠎ᠠ ᠭᠡᠷᠡᠭ᠍ᠵᠢᠬᠦᠯᠤᠨ᠂ ᠠᠯᠪᠠᠯᠠᠬᠤ ᠭᠠᠵᠠᠷ ᠤᠨ ᠠᠷᠢᠭᠤᠳᠬᠠᠬᠤ ᠬᠦᠴᠤᠯᠠᠴᠨ ᠶᠢ ᠨᠡᠮᠡᠭ᠍ᠳ᠋ᠡᠬᠦᠯᠵᠤ᠂ ᠪᠠᠢ᠌ᠭᠤᠯᠭ᠎ᠠ ᠶᠢᠨ ᠠᠰᠠᠷ ᠲᠣ ᠤᠷᠤᠵᠤ ᠭᠠᠷᠬᠤ ᠬᠦᠮᠤᠰ᠂ ᠤᠨᠴᠠᠭᠠᠢ᠌ᠯᠠᠨ ᠭᠠᠳ᠋ᠠᠨ᠎ᠠ ᠡᠴᠨ ᠢᠷᠡᠭ᠍ᠰᠡᠳ ᠢ ᠲᠠᠮᠳ᠋ᠡᠭᠯᠡᠬᠦ᠂ ᠺᠤᠳ᠋ ᠰᠢᠷᠪᠢᠬᠤ᠂ ᠪᠠᠶ᠎ᠠ ᠶᠢᠨ ᠲᠤᠯᠠᠭᠠᠨ ᠢ ᠭᠡᠮᠵᠢᠬᠦ ᠵᠡᠷᠭᠡ ᠬᠠᠮᠢᠶᠠᠷᠤᠨ ᠡᠵᠡᠮᠳ᠋ᠡᠬᠦ ᠠᠵᠢᠯ ᠢ ᠨᠠᠷᠢᠯᠢᠭ ᠰᠠᠢ᠌ᠳ᠋ᠤᠷ ᠬᠢᠵᠤ᠂ ᠴᠢᠳ᠋ᠠᠬᠤ ᠶᠢᠨ ᠬᠢᠷᠢ ᠭᠠᠳ᠋ᠠᠭᠰᠢ ᠭᠠᠷᠬᠤ ᠶᠢ ᠪᠠᠭᠠᠰᠬᠠᠬᠤ ᠶᠢ ᠪᠠᠳ᠋ᠤᠯᠠᠨ᠂ ᠬᠢᠵᠢᠭ᠌ ᠤᠨ ᠪᠠᠢ᠌ᠳ᠋ᠠᠯ ᠢ ᠰᠡᠷᠬᠡᠢ᠌ᠯᠡᠨ ᠡᠵᠡᠮᠳ᠋ᠡᠬᠦ ᠠᠵᠢᠯ ᠳ᠋ᠥ ᠢᠳ᠋ᠡᠪᠬᠢᠳ᠋ᠠᠢ ᠤᠷᠤᠯᠴᠠᠵᠤ᠂ ᠰᠡᠳᠬᠢᠯ ᠨᠢᠭᠡᠳᠴᠤ ᠬᠦᠴᠤ ᠪᠠᠨ ᠬᠠᠮᠳ᠋ᠤᠳᠬᠠᠨ᠂ ᠬᠢᠵᠢᠭ᠌ ᠤᠨ ᠪᠠᠢ᠌ᠳ᠋ᠠᠯ ᠢ ᠰᠡᠷᠬᠡᠢ᠌ᠯᠡᠨ ᠡᠵᠡᠮᠳ᠋ᠡᠬᠦ ᠬᠤᠷᠢᠭᠯᠠᠯᠳ᠋ᠠ ᠶᠢᠨ ᠲᠠᠢ᠌ᠯᠠᠯᠳ᠋ᠤᠭᠠᠨ ᠢ ᠡᠷᠡᠰ ᠰᠠᠢ᠌ᠳ᠋ᠤᠷ ᠬᠢᠵᠤ᠂ ᠬᠢᠵᠢᠭ᠌ ᠤᠨ ᠪᠠᠢ᠌ᠳ᠋ᠠᠯ ᠤᠨ ᠬᠤᠭᠤᠴᠠᠭᠠᠨ ᠤ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠡᠯ᠎ᠠ ᠲᠦ᠋ᠷᠤᠯ ᠤᠨ ᠠᠵᠢᠯ ᠤᠨ ᠯᠠᠪᠳ᠋ᠠᠭᠤᠨ ᠶᠠᠪᠤᠭᠳ᠋ᠠᠬᠤ ᠶᠢ ᠪᠠᠳ᠋ᠤᠯᠠᠬᠤ ᠭᠡᠷᠡᠭ᠍ᠳ᠋ᠡᠢ ᠭᠡᠵᠤ ᠴᠢᠬᠤᠯᠠᠴᠢᠯᠠᠵᠠᠢ᠃ (ᠳ᠋ᠠᠢ ᠰᠢᠶᠦ᠋ᠩ)