ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠬᠦᠷ ᠨᠠᠮ ᠤᠨ ᠭᠡᠰᠢᠬᠦᠨ ᠤ ᠬᠤᠷᠠᠯ ᠬᠤᠷᠠᠯᠳ᠋ᠤᠭᠤᠯᠪᠠ
10 ᠰᠠᠷ᠎ᠠ ᠶᠢᠨ 29 ᠤ ᠡᠳ᠋ᠤᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠬᠦᠷ ᠪᠦᠬᠦ ᠨᠠᠮ ᠤᠨ ᠭᠡᠰᠢᠬᠦᠨ ᠤ ᠬᠤᠷᠠᠯ ᠬᠤᠷᠠᠯᠳ᠋ᠤᠭᠤᠯᠵᠤ᠂《ᠨᠠᠮ ᠤᠨ ᠲᠦ᠋ᠪ ᠬᠤᠷᠢᠶᠠᠨ ᠤ 〈ᠨᠢᠭᠡᠳ᠋ᠤᠭᠡᠷ ᠭᠠᠷ〉 ᠪᠠ ᠤᠳ᠋ᠤᠷᠢᠳᠬᠤ ᠪᠠᠭ ᠤᠨ ᠬᠢᠨᠠᠯᠳ᠋ᠠ ᠶᠢ ᠴᠢᠩᠭ᠋ᠠᠳᠬᠠᠬᠤ ᠲᠤᠬᠠᠢ ᠰᠠᠨᠠᠯ》ᠪᠤᠯᠤᠨ ᠮᠸᠩ ᠰᠢᠶᠠᠨ ᠳ᠋ᠦ᠋ᠩ ᠨᠦ᠋ᠬᠦᠷ ᠤᠨ ᠪᠦᠬᠦ ᠬᠤᠳ᠋ᠠ ᠶᠢᠨ ᠭᠡᠷᠡᠭ᠌ ᠶᠢᠡᠷ ᠦᠭᠡᠷᠡᠴᠢᠯᠡᠯᠳ᠋ᠠ ᠶᠢ ᠠᠬᠢᠭᠤᠯᠵᠤ ᠤᠯᠤᠰ ᠲᠦ᠋ᠷᠤ ᠶᠢᠨ ᠠᠮᠢ ᠠᠬᠤᠢ ᠶᠢ ᠪᠦᠬᠦ ᠲᠠᠯ᠎ᠠ ᠪᠠᠷ ᠰᠡᠷᠬᠦᠭᠡᠨ ᠴᠡᠪᠡᠷᠰᠢᠬᠦᠯᠬᠦ ᠲᠦ᠋ᠪᠯᠡᠷᠡᠩᠬᠦᠢ ᠲᠤᠰᠬᠠᠢ ᠠᠵᠢᠯᠯᠠᠭ᠎ᠠ ᠶᠢᠨ ᠲᠠᠢ᠌ᠴᠢᠯᠠᠯᠳ᠋ᠠ ᠶᠢᠨ ᠬᠤᠷᠠᠯ ᠲᠠᠭᠡᠷᠡᠬᠢ ᠶᠠᠷᠢᠶ᠎ᠠ ᠶᠢ ᠬᠦᠨᠵᠡᠭᠡᠢ ᠤᠯᠠᠮᠵᠢᠯᠠᠨ ᠰᠤᠷᠤᠯᠴᠠᠪᠠ᠃ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠬᠦᠷ ᠤᠨ ᠱᠦ᠋ᠵᠢ ᠯᠢ ᠴᠸᠩ ᠬᠦᠸᠸ ᠬᠤᠷᠠᠯ ᠡᠷᠬᠢᠯᠡᠪᠡ᠃

ᠬᠤᠷᠠᠯ ᠡᠴᠨ᠂ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠬᠦᠷ ᠤᠨ ᠭᠡᠰᠢᠬᠦᠤᠨ ᠦᠪᠡᠷ ᠤᠨ ᠪᠠᠶ᠎ᠠ ᠳᠡᠭᠡᠨ᠂ ᠨᠦ᠋ᠬᠦᠤᠨ ᠲᠠᠭᠡᠨ᠂ ᠵᠤᠬᠢᠶᠠᠨ ᠪᠠᠢ᠌ᠭᠤᠯᠤᠯᠳ᠋ᠠ ᠳ᠋ᠥ᠂ ᠨᠠᠮ ᠤᠨ ᠤᠢ᠌ᠯᠡᠰ ᠪᠠ ᠠᠷᠠᠳ ᠤᠯᠨᠨ ᠳ᠋ᠥ ᠲᠠᠭᠡᠳ᠋ᠤ ᠭᠡᠮᠵᠢᠶ᠎ᠠ ᠪᠠᠷ ᠬᠠᠷᠢᠭᠤᠴᠠᠬᠤ ᠤᠪᠤᠷ ᠶᠢᠡᠷ᠂ ᠰᠠᠨᠠᠭᠠᠴᠢᠯᠠᠭ᠎ᠠ ᠡᠴᠨ ᠪᠠᠨ ᠬᠢᠨᠠᠯᠳ᠋ᠠ ᠶᠢ ᠬᠦᠯᠢᠶᠡᠬᠦ ᠤᠬᠠᠮᠰᠠᠷ ᠶᠢᠡᠨ ᠴᠢᠩᠭ᠋ᠠᠳᠬᠠᠨ᠂ ᠰᠠᠨᠠᠭᠠᠴᠢᠯᠠᠭ᠎ᠠ ᠡᠴᠨ ᠪᠠᠨ ᠦᠪᠡᠷ ᠢ ᠪᠠᠨ ᠪᠠᠭᠳ᠋ᠠᠭᠠᠵᠤ᠂《ᠰᠠᠨᠠᠯ》ᠳ᠋ᠥ ᠲᠤᠭᠳ᠋ᠠᠭᠠᠭᠰᠨᠨ ᠡᠯ᠎ᠠ ᠲᠦ᠋ᠷᠤᠯ ᠤᠨ ᠬᠢᠨᠠᠯᠳ᠋ᠠ ᠶᠢᠨ ᠲᠦ᠋ᠷᠢᠮ ᠢ ᠲᠦ᠋ᠷᠤᠬᠦᠯᠡᠨ ᠨᠠᠢ᠌ᠳ᠋ᠠᠪᠤᠷᠢᠵᠢᠭᠤᠯᠬᠤ ᠭᠡᠷᠡᠭ᠍ᠳ᠋ᠡᠢ᠃ ᠡᠬᠦᠨ ᠤ ᠬᠠᠮᠳ᠋ᠤ᠂ ᠭᠡᠷᠡᠭ᠌ ᠶᠢᠡᠷ ᠦᠭᠡᠷᠡᠴᠢᠯᠡᠯᠳ᠋ᠠ ᠶᠢ ᠠᠬᠢᠭᠤᠯᠵᠤ ᠤᠯᠤᠰ ᠲᠦ᠋ᠷᠤ ᠶᠢᠨ ᠠᠮᠢ ᠠᠬᠤᠢ ᠶᠢ ᠪᠦᠬᠦ ᠲᠠᠯ᠎ᠠ ᠪᠠᠷ ᠰᠡᠷᠬᠦᠭᠡᠨ ᠴᠡᠪᠡᠷᠰᠢᠬᠦᠯᠬᠦ ᠲᠦ᠋ᠪᠯᠡᠷᠡᠩᠬᠦᠢ ᠲᠤᠰᠬᠠᠢ ᠠᠵᠢᠯᠯᠠᠭ᠎ᠠ ᠲᠡᠶ ᠤᠶᠠᠯᠳ᠋ᠤᠭᠤᠯᠵᠤ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠪᠦᠬᠦ ᠨᠠᠮ ᠤᠨ ᠭᠡᠰᠢᠬᠦᠨ ᠺᠠᠳ᠋ᠷ ᠬᠦᠰᠡᠯ ᠢᠳ᠋ᠡᠭᠡᠯ ᠪᠢᠰᠢᠷᠠᠯ ᠶᠢᠡᠨ ᠪᠠᠳ᠋ᠤᠳᠬᠠᠨ᠂ ᠤᠭ ᠰᠠᠨᠠᠭ᠎ᠠ ᠡᠬᠦᠷᠭᠡ ᠬᠠᠷᠢᠭᠤᠴᠠᠯᠭ᠎ᠠ ᠪᠠᠨ ᠪᠠᠳ᠋ᠤ ᠴᠡᠭᠡᠵᠢᠯᠡᠵᠤ᠂ ᠠᠷᠢᠭᠤᠨ ᠴᠢᠬᠡᠴᠢ ᠶᠢᠨ ᠤᠬᠠᠮᠰᠠᠷ᠂ ᠬᠤᠷᠢᠭ᠎ᠠ ᠱᠤᠭᠤᠮ ᠤᠨ ᠤᠬᠠᠮᠰᠠᠷ ᠶᠢᠡᠨ ᠴᠢᠩᠭ᠋ᠠᠳᠬᠠᠨ᠂ ᠰᠠᠬᠢᠯᠭ᠎ᠠ ᠪᠠᠳ᠋ᠤ ᠪᠠ ᠶᠤᠰᠤ ᠲᠦ᠋ᠷᠢᠮ ᠢ ᠢᠮᠠᠭᠳ᠋ᠠ ᠲᠠᠷᠢᠬᠦᠨ ᠳ᠋ᠥ ᠲᠠᠯᠪᠢᠵᠤ᠂ ᠨᠠᠷᠢᠨ ᠨᠢᠭᠳ᠋ᠠ ᠠᠵᠢᠯ ᠬᠢᠵᠤ᠂ ᠠᠷᠢᠭᠤᠨ ᠴᠢᠭᠡᠴᠢ ᠪᠠᠢ᠌ᠵᠤ᠂ ᠴᠠᠭ ᠢᠮᠠᠭᠳ᠋ᠠ ᠦᠪᠡᠷ ᠢ ᠪᠠᠨ ᠬᠦᠨᠳ᠋ᠣᠳᠭᠡᠨ᠂ ᠦᠪᠡᠷ ᠢ ᠪᠠᠨ ᠰᠡᠷᠡᠮᠵᠢᠯᠡᠬᠦᠯᠵᠤ᠂ ᠦᠪᠡᠷ ᠢ ᠪᠠᠨ ᠴᠢᠩᠭ᠎ᠠ ᠱᠠᠭᠠᠷᠳ᠋ᠠᠨ᠂ ᠢᠯᠵᠠᠷᠠᠯ ᠢ ᠡᠰᠡᠷᠬᠦᠴᠡᠵᠤ ᠴᠢᠨᠠᠷ ᠬᠤᠪᠢᠷᠠᠬᠤ ᠶᠢ ᠰᠡᠷᠭᠡᠢ᠌ᠯᠡᠬᠦ ᠦᠵᠡᠯ ᠰᠠᠨᠠᠭᠠᠨ ᠤ ᠰᠡᠷᠭᠡᠢ᠌ᠯᠡᠯᠳ᠋ᠠ ᠶᠢᠨ ᠱᠤᠭᠤᠮ ᠢ ᠦᠨᠡᠨᠬᠦ ᠪᠠᠬᠢᠵᠢᠬᠦᠯᠵᠤ᠂ ᠡᠬᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠭᠡᠨ᠂ ᠰᠤᠷᠳ᠋ᠠᠯ ᠴᠢᠭᠡᠴᠢ ᠤᠪᠤᠷ ᠲᠦ᠋ᠪ ᠤᠯᠤᠰ ᠲᠦ᠋ᠷᠤ ᠶᠢᠨ ᠠᠮᠢ ᠠᠬᠤᠢ ᠶᠢ ᠡᠬᠦᠳᠬᠦ ᠭᠡᠷᠡᠭ᠍ᠳ᠋ᠡᠢ ᠭᠡᠵᠤ ᠴᠢᠬᠤᠯᠠᠴᠢᠯᠠᠵᠠᠢ᠃ (ᠳ᠋ᠠᠢ ᠰᠢᠶᠦ᠋ᠩ)