ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠬᠦᠷ ᠤᠨ ᠱᠦ᠋ᠵᠢ ᠭᠡᠷᠡᠭ᠌ ᠶᠢᠡᠷ ᠦᠭᠡᠷᠡᠴᠢᠯᠡᠯᠳ᠋ᠠ ᠶᠢ ᠠᠬᠢᠭᠤᠯᠵᠤ ᠤᠯᠤᠰ ᠲᠦ᠋ᠷᠤ ᠶᠢᠨ ᠠᠮᠢ ᠠᠬᠤᠢ ᠶᠢ ᠪᠦᠬᠦ ᠲᠠᠯ᠎ᠠ ᠪᠠᠷ ᠴᠡᠪᠡᠷᠰᠢᠬᠦᠯᠬᠦ ᠲᠤᠰᠬᠠᠢ ᠰᠡᠳ᠋ᠤᠪᠳ᠋ᠤ ᠨᠠᠮ ᠤᠨ ᠬᠢᠴᠢᠶᠠᠯᠯᠡᠭᠡ ᠬᠢᠪᠡ

                  

                 ᠭᠡᠷᠡᠭ᠌ ᠶᠢᠡᠷ ᠦᠭᠡᠷᠡᠴᠢᠯᠡᠯᠳ᠋ᠠ ᠶᠢ ᠠᠬᠢᠭᠤᠯᠬᠤ ᠠᠵᠢᠯ ᠢ ᠯᠠᠪᠳ᠋ᠠᠭᠤᠨ ᠪᠠᠳ᠋ᠤᠳ᠋ᠠᠢ ᠠᠬᠢᠭᠤᠯᠬᠤ ᠶᠢᠨ ᠲᠦ᠋ᠯᠤᠭᠡ᠂《〈ᠭᠤᠷᠪᠠᠨ ᠬᠤᠷᠠᠯ ᠨᠢᠭᠡ ᠬᠢᠴᠢᠶᠠᠯ〉 ᠤᠨ ᠲᠦ᠋ᠷᠢᠮ ᠢ ᠨᠠᠢ᠌ᠳ᠋ᠠᠪᠤᠷᠢᠵᠢᠭᠤᠯᠵᠤ ᠭᠡᠷᠡᠭ᠌ ᠶᠢᠡᠷ ᠦᠭᠡᠷᠡᠴᠢᠯᠡᠯᠳ᠋ᠠ ᠶᠢ ᠠᠬᠢᠭᠤᠯᠵᠤ ᠤᠯᠤᠰ ᠲᠦ᠋ᠷᠤ ᠶᠢᠨ ᠠᠮᠢ ᠠᠬᠤᠢ ᠶᠢ ᠪᠦᠬᠦ ᠲᠠᠯ᠎ᠠ ᠪᠠᠷ ᠰᠡᠷᠬᠦᠭᠡᠨ ᠴᠡᠪᠡᠷᠰᠢᠬᠦᠯᠬᠦ ᠲᠦ᠋ᠪᠯᠡᠷᠡᠩᠬᠦᠢ ᠲᠤᠰᠬᠠᠢ ᠠᠵᠢᠯᠯᠠᠭ᠎ᠠ ᠶᠢᠨ ᠦᠷ᠎ᠠ ᠪᠦᠳ᠋ᠤᠮᠵᠢ ᠶᠢ ᠲᠠᠭᠡᠭ᠍ᠰᠢᠯᠡᠬᠦᠯᠬᠦ ᠲᠤᠬᠠᠢ ᠮᠡᠳ᠋ᠡᠭ᠍ᠳ᠋ᠡᠯ》᠊ᠤᠨ ᠱᠠᠭᠠᠷᠳ᠋ᠠᠯᠭ᠎ᠠ ᠶᠤᠰᠤᠭᠠᠷ᠂10 ᠰᠠᠷ᠎ᠠ ᠶᠢᠨ29 ᠤ ᠡᠳ᠋ᠤᠷ ᠤᠨ ᠦᠳ᠋ᠠ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠬᠦᠷ ᠡᠴᠨ ᠨᠠᠮ ᠤᠨ ᠭᠡᠰᠢᠬᠦᠨ ᠤ ᠬᠤᠷᠠᠯ ᠬᠤᠷᠠᠯᠳ᠋ᠤᠭᠤᠯᠵᠤ᠂ ᠨᠠᠮ ᠤᠨ ᠡᠬᠦᠷ ᠤᠨ ᠱᠦ᠋ᠵᠢ ᠯᠢ ᠴᠸᠩ ᠬᠦᠸᠸ《ᠭᠡᠷᠡᠭ᠌ ᠶᠢᠡᠷ ᠦᠭᠡᠷᠡᠴᠢᠯᠡᠯᠳ᠋ᠠ ᠶᠢ ᠠᠬᠢᠭᠤᠯᠵᠤ ᠤᠯᠤᠰ ᠲᠦ᠋ᠷᠤ ᠶᠢᠨ ᠠᠮᠢ ᠠᠬᠤᠢ ᠶᠢ ᠪᠦᠬᠦ ᠲᠠᠯ᠎ᠠ ᠪᠠᠷ ᠴᠡᠪᠡᠷᠰᠢᠬᠦᠯᠬᠦ》ᠲᠤᠰᠬᠠᠢ ᠰᠡᠳ᠋ᠤᠪ ᠤᠨ ᠲᠤᠭᠤᠷᠢᠨ ᠳ᠋ᠥ᠂ ᠪᠠᠢ᠌ᠭᠤᠯᠭ᠎ᠠ ᠶᠢᠨ ᠨᠠᠮ ᠤᠨ ᠭᠡᠰᠢᠬᠦᠨ ᠺᠠᠳ᠋ᠷ ᠲᠤ ᠨᠢᠭᠡᠨ ᠠᠮᠢᠳ᠋ᠤᠯᠢᠭ ᠬᠦᠨᠵᠡᠭᠡᠢ ᠴᠢᠭᠡᠴᠢ ᠵᠠᠰᠠᠭ ᠤᠨ ᠨᠠᠮ ᠤᠨ ᠬᠢᠴᠢᠶᠠᠯ ᠤᠷᠤᠪᠠ᠃

                  

                  

                  ᠯᠢ ᠴᠸᠩ ᠬᠦᠸᠸ ᠡᠴᠨ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠪᠦᠬᠦ ᠨᠠᠮ ᠤᠨ ᠭᠡᠰᠢᠬᠦᠨ ᠺᠠᠳ᠋ᠷ ᠨᠠᠮ ᠳᠠᠭᠠᠨ ᠦᠨᠡᠨᠴᠢ ᠰᠢᠳ᠋ᠤᠷᠭᠤ ᠢᠳ᠋ᠡᠭᠡᠯ ᠪᠢᠰᠢᠷᠠᠯ ᠢ ᠪᠤᠢ ᠪᠤᠯᠭᠠᠵᠤ᠂ ᠪᠦᠬᠦ ᠲᠠᠯ᠎ᠠ ᠶᠢᠨ ᠦᠨᠳ᠋ᠤᠷᠴᠨ ᠡᠴᠨ ᠨᠠᠮ ᠤᠨ ᠬᠤᠷᠢᠶᠠᠨ ᠤ ᠨᠠᠮ ᠢ ᠴᠢᠩᠭ᠎ᠠ ᠵᠠᠰᠠᠬᠤ ᠡᠯ᠎ᠠ ᠵᠤᠢ᠌ᠯ ᠤᠨ ᠪᠠᠢ᠌ᠷᠢᠯᠠᠭᠤᠯᠤᠯᠳ᠋ᠠ ᠱᠠᠭᠠᠷᠳ᠋ᠠᠯᠭ᠎ᠠ ᠶᠢ ᠲᠠᠷᠨ ᠶᠤᠰᠤᠭᠠᠷ ᠨᠢ ᠨᠠᠢ᠌ᠳ᠋ᠠᠪᠤᠷᠢᠵᠢᠭᠤᠯᠤᠨ᠂《ᠲᠦ᠋ᠷᠪᠠᠨ ᠤᠬᠠᠮᠰᠠᠷ》ᠵᠢᠠᠨ ᠲᠠᠰᠤᠷᠠᠯᠳ᠋ᠠ ᠦᠭᠡᠶ ᠴᠢᠩᠭ᠋ᠠᠳᠬᠠᠵᠤ᠂《ᠲᠦ᠋ᠷᠪᠠᠨ ᠢᠳ᠋ᠡᠭᠡᠯ》ᠵᠢᠠᠨ ᠪᠠᠳ᠋ᠤᠳᠬᠠᠨ᠂《ᠬᠤᠶᠠᠷ ᠢ ᠬᠠᠮᠠᠭᠠᠯᠠᠬᠤ》ᠵᠢ ᠪᠠᠶᠠᠯᠡᠬᠦᠯᠬᠦ ᠭᠡᠷᠡᠭ᠍ᠳ᠋ᠡᠢ᠃ ᠠᠵᠢᠯ ᠤᠢ᠌ᠯᠡᠰ ᠲᠠᠭᠡᠨ ᠦᠨᠡᠨᠴᠢ ᠪᠠᠢ᠌ᠬᠤ ᠢᠳ᠋ᠡᠭᠡᠯ ᠪᠢᠰᠢᠷᠠᠯ ᠢ ᠪᠤᠢ ᠪᠤᠯᠭᠠᠵᠤ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠵᠢᠴᠢ ᠲᠠᠬᠦᠨ ᠤ ᠪᠠᠢ᠌ᠩᠭ᠋ᠤ ᠶᠢᠨ ᠬᠤᠷᠢᠶ᠎ᠠ ᠶᠢᠨ ᠬᠠᠤᠯᠢ ᠶᠤᠰᠤᠭᠠᠷ ᠡᠬᠦᠷᠭᠡ ᠲᠤᠰᠢᠶᠠᠯ ᠶᠢᠡᠨ ᠬᠦᠢᠴᠡᠳᠭᠡᠬᠦ ᠳ᠋ᠥ ᠴᠢᠨᠠᠷ ᠰᠠᠢ᠌ᠳ᠋ᠠᠢ ᠤᠢ᠌ᠯᠡᠴᠢᠯᠡᠬᠦ ᠭᠡᠷᠡᠭ᠍ᠳ᠋ᠡᠢ ᠭᠡᠵᠤ ᠴᠢᠩᠭ᠋ᠠᠳᠬᠠᠪᠠ᠃

ᠡᠮᠦᠨᠡᠬᠢ᠄ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠬᠦᠷ ᠨᠠᠮ ᠤᠨ ᠭᠡᠰᠢᠬᠦᠨ ᠤ ᠬᠤᠷᠠᠯ ᠬᠤᠷᠠᠯᠳ᠋ᠤᠭᠤᠯᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠬᠦᠷ ᠲᠦ᠋ᠪ ᠤᠨ ᠦᠨᠳ᠋ᠤᠰᠤᠳ᠋ᠠᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠮᠳ᠋ᠠᠳ᠋ᠤ ᠶᠢᠨ ᠦᠨᠳ᠋ᠤᠰᠤᠳ᠋ᠠᠨ ᠤ ᠬᠠᠮᠳ᠋ᠤ ᠴᠤᠭᠴᠨ ᠶᠢᠨ ᠤᠬᠠᠮᠰᠠᠷ ᠢ ᠪᠠᠳ᠋ᠤ ᠴᠤᠭᠴᠠᠯᠠᠬᠤ ᠭᠤᠤᠯ ᠰᠡᠳ᠋ᠤᠪᠳ᠋ᠤ ᠨᠠᠮ ᠤᠨ ᠡᠳ᠋ᠤᠷ ᠤᠨ ᠠᠵᠢᠯᠯᠠᠭ᠎ᠠ ᠦᠷᠨᠢᠬᠦᠯᠪᠡ