ᠡᠤ ᠴᠢᠩ ᠬᠠᠢ ᠦᠨᠳ᠋ᠤᠰᠤᠨ ᠱᠠᠳ᠋ᠤᠨ ᠳ᠋ᠥ ᠬᠦᠨᠵᠡᠭᠡᠢ᠌ᠷᠡᠨ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠢ ᠪᠠᠢ᠌ᠴᠠᠭᠠᠨ ᠵᠢᠯᠤᠭᠤᠳᠪᠠ

11 ᠰᠠᠷ᠎ᠠ ᠶᠢᠨ5 ᠤ ᠡᠳ᠋ᠤᠷ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠤ ᠴᠢᠩ ᠬᠠᠢ ᠤᠷᠢᠳ ᠬᠤᠵᠢᠳ ᠪᠠᠶᠠᠨᠳ᠋ᠠᠯ᠎ᠠ ᠰᠤᠮᠤ᠂ ᠰᠢᠶᠠᠩᠱᠠᠨ ᠪᠠᠯᠭᠠᠰᠤ ᠳ᠋ᠥ ᠬᠦᠨᠵᠡᠭᠡᠢ᠌ᠷᠡᠨ᠂ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠠᠵᠢᠯ ᠢ ᠪᠠᠢ᠌ᠴᠠᠭᠠᠨ ᠵᠢᠯᠤᠭᠤᠳᠪᠠ᠃ ᠲᠤᠬᠠᠢ ᠶᠢᠨ ᠭᠠᠵᠠᠷ ᠤᠨ ᠰᠤᠩᠭ᠋ᠤᠭᠤᠯᠢ ᠶᠢᠨ ᠲᠤᠭᠤᠷᠢᠭ ᠶᠢᠡᠷ ᠠᠰᠠᠭᠤᠨ ᠰᠤᠷᠪᠤᠯᠵᠢᠯᠠᠬᠤ᠂ ᠮᠠᠲ᠋ᠸᠷᠢᠶᠠᠯ ᠢ ᠪᠠᠢ᠌ᠴᠠᠭᠠᠨ ᠦᠵᠡᠬᠦ᠂ ᠶᠠᠷᠢᠯᠴᠠᠨ ᠰᠤᠯᠢᠯᠴᠠᠬᠤ ᠬᠤᠷᠠᠯ ᠬᠤᠷᠠᠯᠳ᠋ᠤᠭᠤᠯᠬᠤ ᠭᠡᠯᠪᠡᠷᠢ ᠪᠠᠷ ᠲᠠᠮᠵᠢᠭᠤᠯᠤᠨ᠂ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠤᠬᠠᠭᠤᠯᠭ᠎ᠠ᠂ ᠰᠤᠩᠭ᠋ᠤᠭᠤᠯᠢ ᠶᠢᠨ ᠠᠷᠠᠳ ᠤᠨ ᠲᠤᠭ᠎ᠠ᠂ ᠵᠠᠷ ᠨᠠᠭᠠᠵᠤ ᠨᠡᠢ᠌ᠳ᠋ᠡᠯᠡᠬᠦ᠂ ᠰᠤᠩᠭ᠋ᠤᠭᠤᠯᠢ ᠶᠢᠨ ᠲᠤᠭᠤᠷᠢᠭ ᠤᠨ ᠬᠤᠪᠢᠶᠠᠷᠢᠯᠠᠯᠳ᠋ᠠ᠂ ᠰᠤᠩᠭ᠋ᠤᠭᠤᠯᠢ ᠶᠢᠨ ᠬᠠᠢ᠌ᠷᠴᠠᠭ ᠢ ᠲᠠᠷᠬᠠᠭᠠᠬᠤ ᠵᠢᠴᠢ ᠰᠤᠩᠭ᠋ᠤᠭᠤᠯᠢ ᠶᠢᠨ ᠲᠤᠭᠤᠷᠢᠭ ᠤᠨ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠵᠡᠷᠭᠡ ᠠᠵᠢᠯ ᠤᠨ ᠪᠠᠢ᠌ᠳ᠋ᠠᠯ᠂ ᠤᠷᠤᠰᠢᠵᠤ ᠪᠠᠢ᠌ᠭ᠎ᠠ ᠠᠰᠠᠭᠤᠳ᠋ᠠᠯ ᠢ ᠨᠠᠷᠢᠯᠢᠭ ᠤᠢ᠌ᠯᠠᠭᠠᠵᠤ᠂ ᠬᠠᠮᠢᠶ᠎ᠠ ᠪᠦᠬᠦᠢ ᠬᠠᠷᠢᠭᠤᠴᠠᠯᠭᠠᠳ᠋ᠠᠨ ᠤ ᠬᠤᠭᠤᠴᠠᠭ᠎ᠠ ᠰᠤᠯᠢᠬᠤ ᠠᠵᠢᠯ ᠤᠨ ᠰᠠᠨᠠᠯ ᠰᠠᠨᠠᠭᠤᠯᠭ᠎ᠠ ᠶᠢ ᠰᠤᠨᠤᠰᠬᠤ ᠶᠢᠨ ᠬᠠᠮᠳ᠋ᠤ᠂ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠠᠵᠢᠯ ᠳ᠋ᠥ ᠵᠢᠯᠤᠭᠤᠳᠬᠤ ᠴᠢᠨᠠᠷᠳ᠋ᠠᠢ ᠰᠠᠨᠠᠯ ᠲᠤᠷᠠᠳᠪᠠ᠃
ᠪᠠᠶᠠᠨᠳ᠋ᠠᠯ᠎ᠠ ᠰᠤᠮᠤ ᠶᠢᠨ ᠪᠠᠷᠠᠭᠤᠨ ᠪᠠᠶᠠᠨᠳ᠋ᠠᠯ᠎ᠠ ᠭᠠᠴᠠᠭ᠎ᠠ᠂ ᠰᠢᠶᠠᠩᠱᠠᠨ ᠪᠠᠯᠭᠠᠰᠤᠨ ᠤ ᠰᠢᠶᠠᠩᠱᠠᠨ ᠭᠠᠴᠠᠭ᠎ᠠ᠂ ᠳ᠋ᠠ ᠯᠢᠤ ᠱᠤ ᠭᠠᠴᠠᠭ᠎ᠠ ᠶᠢᠨ ᠰᠤᠩᠭ᠋ᠤᠭᠤᠯᠢ ᠶᠢᠨ ᠠᠵᠢᠯ ᠢ ᠪᠠᠢ᠌ᠴᠠᠭᠠᠨ ᠵᠢᠯᠤᠭᠤᠳᠬᠤ ᠳᠠᠭᠠᠨ ᠡᠤ ᠴᠢᠩ ᠬᠠᠢ ᠡᠴᠨ᠂ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠰᠤᠩᠭ᠋ᠤᠭᠤᠯᠢ ᠶᠢᠨ ᠠᠵᠢᠯ ᠪᠤᠯ ᠨᠢᠭᠡᠨ ᠤᠯᠤᠰ ᠲᠦ᠋ᠷᠤ ᠶᠢᠨ ᠴᠢᠨᠠᠷ᠂ ᠬᠠᠤᠯᠢ ᠴᠠᠭᠠᠵᠨ ᠶᠢᠨ ᠴᠢᠨᠠᠷ᠂ ᠲᠦ᠋ᠷᠤ ᠶᠢᠨ ᠪᠤᠳ᠋ᠤᠯᠭ᠎ᠠ ᠶᠢᠨ ᠴᠢᠨᠠᠷ᠂ ᠶᠠᠪᠤᠴᠨ ᠴᠢᠨᠠᠷ ᠶᠢᠡᠷ ᠲᠤᠢ᠌ᠯ ᠤᠨ ᠴᠢᠩᠭ᠎ᠠ ᠠᠵᠢᠯ ᠪᠤᠯᠤᠨ᠎ᠠ᠂ ᠰᠤᠮᠤ ᠪᠠᠯᠭᠠᠰᠤ ᠶᠢᠨ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠡᠴᠨ ᠲᠠᠭᠡᠳ᠋ᠤ ᠭᠡᠮᠵᠢᠶ᠎ᠠ ᠪᠠᠷ ᠬᠦᠨᠳ᠋ᠤᠳᠭᠡᠨ ᠦᠵᠡᠵᠤ᠂ ᠬᠤᠭᠤᠴᠠᠭ᠎ᠠ ᠰᠤᠯᠢᠬᠤ ᠠᠵᠢᠯ ᠤᠨ ᠴᠢᠬᠤᠯᠨ ᠠᠴᠢ ᠬᠤᠯᠪᠤᠭᠳ᠋ᠠᠯ ᠢ ᠬᠦᠢᠴᠡᠳ ᠲᠠᠨᠢᠵᠤ᠂ ᠬᠠᠮᠢᠶ᠎ᠠ ᠪᠦᠬᠦᠢ ᠬᠠᠤᠯᠢ ᠴᠠᠭᠠᠵᠨ ᠬᠠᠤᠯᠢ ᠲᠦ᠋ᠷᠢᠮ ᠪᠠ ᠲᠦ᠋ᠷᠤ ᠶᠢᠨ ᠪᠤᠳ᠋ᠤᠯᠭ᠎ᠠ ᠶᠢ ᠨᠠᠷᠢᠯᠢᠭ ᠰᠤᠷᠤᠯᠴᠠᠵᠤ ᠰᠤᠳ᠋ᠤᠯᠤᠨ᠂ ᠲᠤᠭᠳ᠋ᠠᠭᠠᠯ ᠶᠠᠪᠤᠴᠨ ᠶᠢ ᠴᠢᠩᠭ᠎ᠠ ᠵᠢᠷᠤᠮᠯᠠᠵᠤ᠂ ᠡᠯ᠎ᠠ ᠵᠤᠢ᠌ᠯ ᠤᠨ ᠠᠵᠢᠯ ᠢ ᠯᠠᠪᠳ᠋ᠠᠭᠤᠨ ᠦᠷᠨᠢᠬᠦᠯᠬᠦ ᠭᠡᠷᠡᠭ᠍ᠳ᠋ᠡᠢ ᠭᠡᠵᠤ ᠱᠠᠭᠠᠷᠳ᠋ᠠᠵᠠᠢ᠃
ᠡᠤ ᠴᠢᠩ ᠬᠠᠢ᠂ ᠰᠤᠩᠭ᠋ᠤᠭᠤᠯᠢ ᠶᠢᠨ ᠬᠠᠤᠯᠢ ᠪᠠ ᠰᠤᠩᠭ᠋ᠤᠭᠤᠯᠢ ᠶᠢᠨ ᠭᠡᠷᠡᠭ᠍ᠵᠢᠬᠦᠯᠤᠯᠳ᠋ᠠ ᠶᠢᠨ ᠨᠠᠷᠢᠨ ᠲᠦ᠋ᠷᠢᠮ ᠤᠨ ᠬᠠᠮᠢᠶ᠎ᠠ ᠪᠦᠬᠦᠢ ᠲᠤᠭᠳ᠋ᠠᠭᠠᠯ ᠶᠤᠰᠤᠭᠠᠷ᠂ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠰᠤᠩᠭ᠋ᠤᠭᠤᠯᠢ ᠶᠢᠨ ᠠᠵᠢᠯ ᠤᠨ ᠶᠠᠪᠤᠴᠨ᠂ ᠭᠤᠤᠯᠳ᠋ᠠᠯᠭ᠎ᠠ ᠪᠠ ᠭᠤᠭᠴᠤᠭ᠎ᠠ ᠪᠦᠷᠢ ᠶᠢ ᠪᠠᠳ᠋ᠤᠳ᠋ᠠᠢ ᠡᠵᠡᠮᠰᠢᠵᠤ᠂ ᠦᠪᠡᠷ ᠤᠨ ᠪᠠᠶ᠎ᠠ ᠳᠡᠭᠡᠨ ᠤᠷᠤᠰᠢᠵᠤ ᠪᠠᠢ᠌ᠭ᠎ᠠ ᠠᠰᠠᠭᠤᠳ᠋ᠠᠯ ᠪᠠ ᠲᠤᠳ᠋ᠠᠭᠳ᠋ᠠᠯ ᠶᠢᠡᠨ ᠬᠢᠨᠠᠮᠠᠭᠠᠢ ᠪᠠᠢ᠌ᠴᠠᠭᠠᠨ᠂ ᠨᠠᠷᠢᠯᠢᠭ ᠪᠤᠳ᠋ᠠᠳ᠋ᠠᠢ ᠨᠠᠢ᠌ᠳ᠋ᠠᠪᠤᠷᠢᠵᠢᠭᠤᠯᠵᠤ᠂ ᠠᠵᠢᠯ ᠲᠤᠮᠳ᠋ᠠ ᠲᠤᠬᠢᠶᠠᠯᠳ᠋ᠤᠵᠤ ᠮᠡᠳ᠋ᠡᠬᠦ ᠰᠢᠨ᠎ᠠ ᠪᠠᠢ᠌ᠳ᠋ᠠᠯ ᠰᠢᠨ᠎ᠠ ᠠᠰᠠᠭᠤᠳ᠋ᠠᠯ ᠢ ᠴᠠᠭ ᠲᠤᠬᠠᠢ ᠳ᠋ᠤᠨᠢ ᠮᠠᠭᠠᠳᠯᠠᠵᠤ ᠲᠠᠢ᠌ᠯᠬᠦ ᠭᠡᠷᠡᠭ᠍ᠳ᠋ᠡᠢ᠃ ᠲᠠᠭᠡᠷ᠎ᠠ ᠱᠠᠳ᠋ᠤᠨ ᠤ ᠬᠠᠮᠢᠶ᠎ᠠ ᠪᠦᠬᠦᠢ ᠱᠠᠭᠠᠷᠳ᠋ᠠᠯᠭ᠎ᠠ ᠶᠤᠰᠤᠭᠠᠷ᠂ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠬᠤᠭᠤᠴᠠᠭᠠᠨ ᠳ᠋ᠡᠬᠢ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠰᠠᠢ᠌ᠳ᠋ᠤᠷ ᠬᠢᠵᠤ᠂ ᠠᠵᠢᠯ ᠤᠨ ᠲᠦ᠋ᠰᠤᠯ ᠲᠤᠭᠳ᠋ᠠᠭᠠᠨ᠂ ᠬᠢᠵᠢᠭ᠌ ᠢ ᠰᠡᠷᠭᠡᠢ᠌ᠯᠡᠬᠦ ᠡᠯ᠎ᠠ ᠲᠦ᠋ᠷᠤᠯ ᠤᠨ ᠡᠳ᠋ ᠪᠤᠳ᠋ᠠᠰ ᠢ ᠬᠦᠢᠴᠡᠳ ᠪᠡᠯᠡᠳᠭᠡᠨ᠂ ᠰᠤᠩᠭ᠋ᠤᠭᠤᠯᠢ ᠶᠢᠨ ᠱᠠᠭᠠᠷᠳ᠋ᠠᠯᠭ᠎ᠠ ᠳ᠋ᠥ ᠨᠡᠢ᠌ᠴᠡᠭ᠍ᠰᠨᠨ ᠰᠢᠨᠵᠢᠯᠡᠬᠦ ᠤᠬᠠᠭᠠᠨᠴᠢ ᠠᠷᠭ᠎ᠠ ᠠᠪᠴᠠᠯ ᠢ ᠠᠪᠴᠤ᠂ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠠᠵᠢᠯ ᠤᠨ ᠲᠠᠬᠦᠰ ᠠᠮᠵᠢᠯᠳ᠋ᠠ ᠤᠯᠬᠤ ᠶᠢ ᠪᠠᠳ᠋ᠤᠯᠠᠬᠤ ᠭᠡᠷᠡᠭ᠍ᠳ᠋ᠡᠢ ᠴᠢᠬᠤᠯᠠᠴᠢᠯᠠᠪᠠ᠃ᠡᠤ ᠴᠢᠩ ᠬᠠᠢ ᠪᠠᠰᠨ ᠪᠢᠯᠸᠲ ᠬᠢᠨᠠᠭᠴᠢ ᠪᠢᠯᠸᠲ ᠪᠦᠷᠢᠳᠭᠡᠭ᠍ᠴᠢ ᠶᠢ ᠰᠤᠩᠭ᠋ᠤᠬᠤ ᠠᠩᠬᠠᠷᠬᠤ ᠵᠤᠢ᠌ᠯ᠂ ᠬᠠᠤᠯᠢ ᠶᠤᠰᠤᠭᠠᠷ ᠨᠠᠢ᠌ᠳ᠋ᠠᠯᠭ᠎ᠠ ᠪᠠᠷ ᠪᠢᠯᠸᠲ ᠦᠭ᠍ᠬᠦ ᠶᠢ ᠵᠢᠷᠤᠮᠵᠢᠬᠦᠯᠤᠨ ᠭᠡᠷᠡᠭ᠍ᠵᠢᠬᠦᠯᠬᠦ᠂ ᠬᠦᠳ᠋ᠡᠯᠤᠩᠬᠦᠢ ᠪᠢᠯᠸᠲ ᠤᠨ ᠬᠠᠢ᠌ᠷᠴᠠᠭ ᠪᠠ ᠰᠤᠩᠭ᠋ᠤᠭᠤᠯᠢ ᠶᠢᠨ ᠠᠷᠭ᠎ᠠ ᠶᠢ ᠬᠢᠨᠠᠮᠠᠭᠠᠢ ᠨᠠᠢ᠌ᠳ᠋ᠠᠪᠤᠷᠢᠵᠢᠭᠤᠯᠬᠤ ᠵᠡᠷᠭᠡ ᠠᠵᠢᠯ ᠤᠨ ᠲᠠᠯ᠎ᠠ ᠳ᠋ᠥ ᠪᠤᠳ᠋ᠠᠳ᠋ᠠᠢ ᠱᠠᠭᠠᠷᠳ᠋ᠠᠯᠭ᠎ᠠ ᠲᠤᠷᠠᠳᠴᠠᠢ᠃ (ᠳ᠋ᠠᠢ ᠰᠢᠶᠦ᠋ᠩ)