ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠮᠤᠩᠭ᠋ᠤᠯ ᠡᠮ ᠡᠮᠨᠡᠯᠭᠡ ᠶᠢᠨ ᠬᠦᠭ᠍ᠵᠢᠯᠳ᠋ᠠ ᠶᠢᠨ ᠪᠠᠢ᠌ᠳ᠋ᠠᠯ ᠵᠢ ᠪᠠᠢ᠌ᠴᠠᠭᠠᠨ ᠰᠤᠳ᠋ᠤᠯᠪᠡ
11 ᠰᠠᠷ᠎ᠠ ᠶᠢᠨ5 ᠤ ᠡᠳ᠋ᠤᠷ᠂ ᠵᠠᠷᠤᠤᠨ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠤᠳ᠋ᠤᠷᠢᠳ᠋ᠤᠯᠭ᠎ᠠ ᠵᠠᠩ ᠶᠦ᠋ᠩ ᠴᠢᠶᠠᠩ ᠭᠡᠰᠡᠭ᠌ ᠠᠷᠠᠳ ᠤᠨ ᠲᠦ᠋ᠯᠤᠭᠡᠯᠡᠭ᠍ᠴᠢᠳ ᠢ ᠲᠠᠭᠠᠭᠤᠯᠤᠨ ᠬᠢᠳ᠋ᠠᠳ ᠮᠤᠩᠭ᠋ᠤᠯ ᠡᠮ ᠡᠮᠨᠡᠯᠭᠡ ᠶᠢᠨ ᠬᠦᠭ᠍ᠵᠢᠯᠳ᠋ᠠ ᠶᠢᠨ ᠪᠠᠢ᠌ᠳ᠋ᠠᠯ ᠳ᠋ᠥ ᠪᠠᠢ᠌ᠴᠠᠭᠠᠨ ᠰᠤᠳ᠋ᠤᠯᠤᠯᠳ᠋ᠠ ᠬᠢᠬᠦ ᠶᠢᠨ ᠬᠠᠮᠳ᠋ᠤ ᠰᠠᠭᠤᠳ᠋ᠠᠯ ᠤᠨ ᠬᠤᠷᠠᠯ ᠬᠤᠷᠠᠯᠳ᠋ᠤᠭᠤᠯᠪᠠ᠃ ᠬᠤᠰᠢᠭᠤᠨ ᠲᠠᠳ᠋ ᠲᠠᠷᠤᠭ᠎ᠠ ᠶᠠᠩ ᠼᠠᠢ ᠰᠢᠶᠨ ᠵᠢᠴᠢ ᠬᠠᠮᠢᠶ᠎ᠠ ᠪᠦᠬᠦᠢ ᠬᠠᠷᠢᠭᠤᠴᠠᠯᠭᠠᠳ᠋ᠠᠨ ᠪᠠᠢ᠌ᠴᠠᠭᠠᠨ ᠰᠤᠳ᠋ᠤᠯᠤᠯᠳ᠋ᠠ ᠳ᠋ᠥ ᠤᠷᠤᠯᠴᠠᠪᠠ᠃

ᠪᠠᠢ᠌ᠴᠠᠭᠠᠨ ᠰᠤᠳ᠋ᠤᠯᠬᠤ ᠲᠤᠭᠤᠢ᠌ᠯᠠᠩ ᠤᠨ ᠬᠢᠨ ᠤᠷᠢᠳ ᠬᠤᠵᠢᠳ ᠬᠤᠰᠢᠭᠤᠨ ᠤ ᠮᠤᠩᠭ᠋ᠤᠯ ᠡᠮᠨᠡᠯᠭᠡ ᠶᠢᠨ ᠬᠤᠷᠢᠶ᠎ᠠ᠂ ᠬᠤᠰᠢᠭᠤᠨ ᠤ ᠬᠢᠳ᠋ᠠᠳ ᠡᠮᠨᠡᠯᠭᠡ ᠶᠢᠨ ᠬᠤᠷᠢᠶ᠎ᠠ ᠳ᠋ᠥ ᠬᠦᠷᠴᠤ᠂ ᠬᠢᠳ᠋ᠠᠳ ᠮᠤᠩᠭ᠋ᠤᠯ ᠡᠮ ᠡᠮᠨᠡᠯᠭᠡ ᠶᠢᠨ ᠠᠵᠢᠯ ᠤᠢ᠌ᠯᠡᠰ ᠤᠨ ᠬᠦᠭ᠍ᠵᠢᠯᠳ᠋ᠠ ᠶᠢᠨ ᠤᠳ᠋ᠤᠬᠢ ᠪᠠᠢ᠌ᠳ᠋ᠠᠯ᠂ ᠬᠠᠮᠢᠶᠠᠷᠤᠯᠳ᠋ᠠ ᠶᠢᠨ ᠰᠢᠰᠲ᠋ᠸᠮ ᠤᠨ ᠪᠦᠳ᠋ᠤᠭᠡᠨ ᠪᠠᠢ᠌ᠭᠤᠯᠤᠯᠳ᠋ᠠ᠂ ᠬᠦᠭ᠍ᠵᠢᠯᠳ᠋ᠠ ᠲᠤᠮᠳ᠋ᠠ ᠤᠷᠤᠰᠢᠵᠤ ᠪᠠᠢ᠌ᠭ᠎ᠠ ᠠᠰᠠᠭᠤᠳ᠋ᠠᠯ ᠪᠠ ᠬᠦᠴᠢᠷᠳ᠋ᠡᠯ ᠢ ᠨᠠᠷᠢᠯᠢᠭ ᠤᠢ᠌ᠯᠠᠭᠠᠪᠠ᠃

ᠬᠤᠷᠠᠯ ᠲᠠᠭᠡᠷ᠎ᠠ᠂ ᠪᠦᠬᠦ ᠬᠤᠰᠢᠭᠤᠨ ᠤ ᠬᠢᠳ᠋ᠠᠳ ᠮᠤᠩᠭ᠋ᠤᠯ ᠡᠮ ᠡᠮᠨᠡᠯᠭᠡ ᠶᠢᠨ ᠠᠵᠢᠯ ᠤᠢ᠌ᠯᠡᠰ ᠤᠨ ᠬᠦᠭ᠍ᠵᠢᠯᠳ᠋ᠠ ᠶᠢᠨ ᠪᠠᠢ᠌ᠳ᠋ᠠᠯ ᠤᠨ ᠮᠡᠳ᠋ᠡᠬᠦᠯᠤᠯᠳ᠋ᠠ ᠶᠢ ᠰᠤᠨᠤᠰᠴᠤ᠂ ᠬᠤᠷᠠᠯ ᠳ᠋ᠥ ᠤᠷᠤᠯᠴᠠᠭᠰᠠᠳ ᠬᠢᠳ᠋ᠠᠳ ᠮᠤᠩᠭ᠋ᠤᠯ ᠡᠮ ᠡᠮᠨᠡᠯᠭᠡ ᠶᠢᠨ ᠤᠢ᠌ᠯᠡᠰ ᠤᠨ ᠬᠦᠭ᠍ᠵᠢᠯᠳ᠋ᠠ ᠶᠢᠨ ᠲᠤᠭᠤᠷᠢᠨ ᠳ᠋ᠥ ᠰᠠᠨᠠᠯ ᠶᠢᠡᠨ ᠰᠤᠯᠢᠯᠴᠠᠨ ᠶᠠᠷᠢᠯᠴᠠᠪᠠ᠃ ᠪᠠᠢ᠌ᠴᠠᠭᠠᠨ ᠰᠤᠳ᠋ᠤᠯᠬᠤ ᠲᠤᠭᠤᠢ᠌ᠯᠠᠩ ᠤᠨ ᠬᠢᠨ ᠡᠴᠨ᠂ ᠬᠢᠳ᠋ᠠᠳ ᠮᠤᠩᠭ᠋ᠤᠯ ᠡᠮ ᠡᠮᠨᠡᠯᠭᠡ ᠶᠢᠨ ᠤᠢ᠌ᠯᠡᠰ ᠪᠤᠯ ᠠᠷᠠᠳ ᠤᠨ ᠠᠮᠢᠳ᠋ᠤᠷᠠᠯ ᠤᠨ ᠴᠢᠬᠤᠯᠨ ᠢᠨᠵᠸᠨᠸᠷᠢᠩ ᠪᠤᠯᠤᠨ᠎ᠠ᠂ ᠬᠢᠳ᠋ᠠᠳ ᠮᠤᠩᠭ᠋ᠤᠯ ᠡᠮ ᠡᠮᠨᠡᠯᠭᠡ ᠶᠢᠨ ᠤᠢ᠌ᠯᠡᠰ ᠤᠨ ᠬᠦᠭ᠍ᠵᠢᠯᠳ᠋ᠠ ᠶᠢᠨ ᠴᠢᠭᠯᠡᠯ ᠪᠠ ᠲᠠᠬᠦᠨ ᠤ ᠬᠦᠭ᠍ᠵᠢᠯᠳ᠋ᠠ ᠶᠢᠨ ᠶᠡᠷᠤᠩᠭᠡᠢ ᠱᠠᠭᠠᠷᠳ᠋ᠠᠯᠭ᠎ᠠ ᠶᠢ ᠰᠠᠢ᠌ᠳ᠋ᠤᠷ ᠤᠨᠤᠪᠴᠢᠳ᠋ᠠᠢ ᠡᠵᠡᠮᠳ᠋ᠡᠵᠤ᠂ ᠬᠦᠭ᠍ᠵᠢᠯᠳ᠋ᠠ ᠶᠢᠨ ᠬᠢᠷᠢ ᠲᠦ᠋ᠪᠰᠢᠨ ᠢ ᠲᠠᠭᠡᠭ᠍ᠰᠢᠯᠡᠬᠦᠯᠤᠨ᠂ ᠤᠢ᠌ᠯᠡᠴᠢᠯᠡᠭᠡᠨ ᠤ ᠬᠦᠷᠢᠶ᠎ᠠ ᠭᠡᠪᠴᠢᠶ᠎ᠠ ᠶᠢ ᠦᠷᠭᠡᠳᠭᠡᠵᠤ᠂ ᠤᠨᠴᠠᠯᠢᠭᠳ᠋ᠤ ᠰᠠᠯᠠᠭ᠎ᠠ ᠲᠠᠰᠤᠭ ᠢ ᠬᠦᠭ᠍ᠵᠢᠬᠦᠯᠤᠨ᠂ ᠬᠢᠳ᠋ᠠᠳ ᠮᠤᠩᠭ᠋ᠤᠯ ᠡᠮ ᠡᠮᠨᠡᠯᠭᠡ ᠶᠢᠨ ᠤᠢ᠌ᠯᠡᠰ ᠢ ᠲᠠᠰᠤᠷᠠᠯᠳ᠋ᠠ ᠦᠭᠡᠶ ᠬᠦᠭ᠍ᠵᠢᠬᠦᠯᠤᠨ ᠪᠤᠵᠠᠭᠠᠢ᠌ᠷᠠᠭᠤᠯᠬᠤ ᠭᠡᠷᠡᠭ᠍ᠳ᠋ᠡᠢ᠃ ᠤᠯᠨᠨ ᠲᠦ᠋ᠮᠨᠨ ᠤ ᠡᠷᠡᠬᠦᠯ ᠮᠡᠨᠳ᠋ᠤ ᠶᠢᠨ ᠭᠡᠷᠡᠭ᠍ᠴᠡᠭᠡ ᠱᠠᠭᠠᠷᠳ᠋ᠠᠯᠭ᠎ᠠ ᠪᠠᠷ ᠭᠤᠤᠯ ᠪᠤᠯᠭᠠᠨ᠂ ᠬᠢᠳ᠋ᠠᠳ ᠮᠤᠩᠭ᠋ᠤᠯ ᠡᠮ ᠡᠮᠨᠡᠯᠭᠡ ᠶᠢᠨ ᠴᠢᠳ᠋ᠠᠪᠤᠷᠢᠳ᠋ᠠᠨ ᠢ ᠬᠦᠮᠤᠵᠢᠬᠦᠯᠬᠦ᠂ ᠬᠢᠳ᠋ᠠᠳ ᠮᠤᠩᠭ᠋ᠤᠯ ᠡᠮ ᠤᠨ ᠡᠮ ᠨᠠᠢ᠌ᠷᠠᠬᠤ ᠲᠠᠰᠤᠭ ᠤᠨ ᠪᠦᠳ᠋ᠤᠭᠡᠨ ᠪᠠᠢ᠌ᠭᠤᠯᠤᠯᠳ᠋ᠠ ᠶᠢ ᠴᠢᠩᠭ᠋ᠠᠳᠬᠠᠵᠤ᠂ ᠬᠢᠳ᠋ᠠᠳ ᠮᠤᠩᠭ᠋ᠤᠯ ᠡᠮ ᠡᠮᠨᠡᠯᠭᠡ ᠶᠢᠨ ᠤᠢ᠌ᠯᠡᠴᠢᠯᠡᠭᠡᠨ ᠤ ᠴᠢᠳ᠋ᠠᠪᠤᠷᠢ ᠶᠢ ᠦᠨᠡᠨᠬᠦ ᠲᠠᠭᠡᠭ᠍ᠰᠢᠯᠡᠬᠦᠯᠬᠦ ᠭᠡᠷᠡᠭ᠍ᠳ᠋ᠡᠢ᠃ ᠬᠢᠳ᠋ᠠᠳ ᠮᠤᠩᠭ᠋ᠤᠯ ᠡᠮ ᠡᠮᠨᠡᠯᠭᠡ ᠶᠢᠨ ᠤᠢ᠌ᠯᠡᠰ ᠢ ᠲᠠᠮᠵᠢᠬᠦ ᠡᠷᠴᠢᠮ ᠶᠢᠡᠨ ᠦᠷᠬᠦᠯᠵᠢᠯᠡᠨ ᠨᠡᠮᠡᠭ᠍ᠳ᠋ᠡᠬᠦᠯᠵᠤ᠂ ᠬᠠᠮᠢᠶᠠᠷᠤᠯᠳ᠋ᠠ ᠶᠢᠨ ᠰᠢᠰᠲ᠋ᠸᠮ ᠢ ᠲᠠᠰᠤᠷᠠᠯᠳ᠋ᠠ ᠦᠭᠡᠶ ᠲᠠᠬᠦᠯᠳ᠋ᠡᠷᠵᠢᠬᠦᠯᠤᠨ᠂ ᠴᠢᠳ᠋ᠠᠪᠤᠷᠢᠳ᠋ᠠᠨ ᠤ ᠡᠩᠨᠡᠭᠡᠨ ᠤ ᠪᠠᠢ᠌ᠭᠤᠯᠤᠯᠳ᠋ᠠ ᠢ ᠴᠢᠩᠭ᠋ᠠᠷᠠᠭᠤᠯᠵᠤ᠂ ᠴᠢᠳ᠋ᠠᠪᠤᠷᠢᠳ᠋ᠠᠨ ᠬᠦᠮᠤᠵᠢᠬᠦᠯᠬᠦ᠂ ᠰᠢᠯᠢᠨ ᠲᠠᠪᠰᠢᠬᠦᠯᠬᠦ ᠪᠠ ᠤᠷᠢᠵᠤ ᠤᠷᠤᠭᠤᠯᠬᠤ ᠡᠷᠴᠢᠮ ᠶᠢᠡᠨ ᠤᠯᠠᠮ ᠨᠢᠭᠡ ᠠᠯᠬᠤᠮ ᠨᠡᠮᠡᠭ᠍ᠳ᠋ᠡᠬᠦᠯᠵᠤ᠂ ᠬᠢᠳ᠋ᠠᠳ ᠮᠤᠩᠭ᠋ᠤᠯ ᠡᠮ ᠡᠮᠨᠡᠯᠭᠡ ᠪᠠᠷ ᠠᠷᠠᠳ ᠲᠦ᠋ᠮᠨᠨ ᠳ᠋ᠥ ᠨᠡᠩ ᠰᠠᠢ᠌ᠨ ᠪᠤᠶᠠᠨ ᠤᠢ᠌ᠯᠡᠳᠴᠤ᠂ ᠪᠦᠬᠦ ᠬᠤᠰᠢᠭᠤᠨ ᠤ ᠬᠢᠳ᠋ᠠᠳ ᠮᠤᠩᠭ᠋ᠤᠯ ᠡᠮ ᠡᠮᠨᠡᠯᠭᠡ ᠶᠢᠨ ᠤᠢ᠌ᠯᠡᠰ ᠤᠨ ᠪᠦᠬᠦ ᠲᠠᠯ᠎ᠠ ᠪᠠᠷ ᠦᠷᠬᠦᠯᠵᠢᠯᠡᠨ ᠡᠷᠡᠬᠦᠯ ᠶᠢᠡᠷ ᠬᠦᠭ᠍ᠵᠢᠬᠦ ᠶᠢ ᠠᠬᠢᠭᠤᠯᠬᠤ ᠭᠡᠷᠡᠭ᠍ᠳ᠋ᠡᠢ ᠭᠡᠵᠤ ᠵᠢᠭᠠᠵᠤ ᠭᠠᠷᠭᠠᠵᠠᠢ᠃