ᠬᠤᠰᠢᠭᠤ᠂ ᠰᠤᠮᠤ ᠪᠠᠯᠭᠠᠰᠤ ᠶᠢᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠤᠨ ᠬᠤᠷᠠᠯ ᠬᠤᠷᠠᠯᠳ᠋ᠤᠪᠠ

11 ᠰᠠᠷ᠎ᠠ ᠶᠢᠨ 8 ᠊ᠤ ᠡᠳ᠋ᠤᠷ᠂ ᠬᠤᠰᠢᠭᠤ᠂ ᠰᠤᠮᠤ ᠪᠠᠯᠭᠠᠰᠤ ᠶᠢᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠤᠨ ᠬᠤᠷᠠᠯ ᠬᠤᠷᠠᠯᠳ᠋ᠤᠪᠠ᠃ ᠬᠤᠰᠢᠭᠤᠨ ᠤ ᠨᠠᠮ ᠤᠨ ᠬᠤᠷᠢᠶᠠᠨ ᠤ ᠲᠠᠳ᠋ ᠱᠦ᠋ᠵᠢ᠂ ᠤᠯᠤᠰ ᠲᠦ᠋ᠷᠤ ᠬᠠᠤᠯᠢ ᠴᠠᠭᠠᠵᠨ ᠶᠢᠨ ᠬᠤᠷᠢᠶᠠᠨ ᠤ ᠱᠦ᠋ᠵᠢ ᠬᠦᠸᠸ ᠮᠢᠩ ᠴᠢᠶᠦ᠋ᠨ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠭᠢᠯᠡᠭ᠍ᠴᠢ ᠡᠤ ᠴᠢᠩ ᠬᠠᠢ᠂ ᠬᠤᠰᠢᠭᠤᠨ ᠤ ᠨᠠᠮ ᠤᠨ ᠬᠤᠷᠢᠶᠠᠨ ᠤ ᠪᠠᠢ᠌ᠩᠭ᠋ᠤ ᠶᠢᠨ ᠭᠡᠰᠢᠬᠦᠨ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭ᠍ᠴᠢ ᠪᠠᠢ ᠶᠠᠨ ᠰᠢᠤᠸᠠᠢ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠠᠳ᠋ ᠡᠷᠬᠢᠯᠡᠭ᠍ᠴᠢ ᠶᠢᠨ ᠵᠢᠱᠢᠭ᠍ᠳ᠋ᠡᠭ᠍ᠴᠢ ᠼᠦ᠋ᠢ ᠯᠸᠢ ᠯᠸᠢ ᠬᠤᠷᠠᠯ ᠳ᠋ᠥ ᠱᠠᠭᠠᠳ᠋ᠠᠵᠤ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠰᠤᠩᠭ᠋ᠤᠭᠤᠯᠢ ᠶᠢᠨ ᠶᠠᠪᠤᠳ᠋ᠠᠯ ᠤᠨ ᠬᠠᠷᠢᠯᠴᠠᠬᠤ ᠠᠵᠢᠯ ᠤᠨ ᠵᠦ᠋ᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠳ᠋ᠠᠨ᠂ ᠡᠯ᠎ᠠ ᠰᠤᠮᠤ ᠪᠠᠯᠭᠠᠰᠤ ᠲᠠᠯᠠᠪᠠᠢ ᠶᠢᠨ ᠨᠠᠮ ᠤᠨ ᠬᠤᠷᠢᠶᠠᠨ ᠤ ᠱᠦ᠋ᠵᠢ᠂ ᠬᠤᠰᠢᠭᠤ᠂ ᠰᠤᠮᠤ ᠪᠠᠯᠭᠠᠰᠤ ᠶᠢᠨ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠬᠢᠨᠠᠨ ᠵᠢᠯᠤᠭᠤᠳᠬᠤ ᠲᠤᠭᠤᠢ᠌ᠯᠠᠩ ᠤᠨ ᠲᠠᠷᠤᠭ᠎ᠠ᠂ ᠬᠤᠰᠢᠭᠤᠨ ᠤ ᠰᠢᠭᠤᠤᠨ ᠬᠠᠷᠢᠶ᠎ᠠ ᠡᠯ᠎ᠠ ᠰᠤᠩᠭ᠋ᠤᠭᠤᠯᠢ ᠶᠢᠨ ᠲᠤᠭᠤᠷᠢᠭ ᠤᠨ ᠲᠤᠭᠤᠢ᠌ᠯᠠᠩ ᠤᠨ ᠲᠠᠷᠤᠭ᠎ᠠ ᠭᠤᠤᠯ ᠬᠤᠷᠠᠯ ᠤᠨ ᠲᠠᠯᠠᠪᠠᠢ ᠳ᠋ᠥ ᠬᠤᠷᠠᠯ ᠳ᠋ᠥ ᠤᠷᠤᠯᠴᠠᠪᠠ᠃ ᠡᠯ᠎ᠠ ᠰᠤᠮᠤ ᠪᠠᠯᠭᠠᠰᠤ ᠶᠢᠨ ᠰᠤᠩᠭ᠋ᠤᠭᠤᠯᠢ ᠶᠢᠨ ᠵᠦ᠋ᠪᠯᠡᠯ᠂ ᠤᠯᠤᠰ ᠤᠨ ᠦᠮᠴᠢᠯᠡᠯᠳ᠋ᠤ ᠲᠠᠷᠢᠶᠠᠯᠠᠩ ᠮᠠᠯᠵᠢᠯ ᠤᠨ ᠲᠠᠯᠠᠪᠠᠢ ᠶᠢᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠤᠨ ᠪᠠᠢ᠌ᠭᠤᠯᠤᠮᠵᠢ ᠶᠢᠨ ᠠᠵᠢᠯᠳ᠋ᠠᠨ ᠬᠤᠪᠢᠶᠠᠷᠢ ᠬᠤᠷᠠᠯ ᠤᠨ ᠲᠠᠯᠠᠪᠠᠢ ᠳ᠋ᠥ ᠬᠤᠷᠠᠯ ᠳ᠋ᠥ ᠤᠷᠤᠯᠴᠠᠪᠠ᠃


ᠬᠦᠸᠸ ᠮᠢᠩ ᠴᠢᠶᠦ᠋ᠨ᠂ ᠬᠤᠭᠤᠴᠠᠭ᠎ᠠ ᠰᠤᠯᠢᠬᠤ ᠰᠤᠩᠭ᠋ᠤᠭᠤᠯᠢ ᠲᠤᠮᠳ᠋ᠠ᠂ ᠠᠷᠠᠳᠴᠢᠯᠠᠯ ᠢ ᠬᠦᠢᠴᠡᠳ ᠪᠠᠳ᠋ᠠᠷᠠᠭᠤᠯᠬᠤ ᠶᠢ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠪᠦᠬᠦ ᠶᠠᠪᠤᠴᠨ ᠳ᠋ᠥ ᠲᠤᠭᠤᠰᠢᠯᠠᠭᠤᠯᠵᠤ᠂ ᠰᠤᠩᠭ᠋ᠤᠭᠤᠯᠢ ᠶᠢᠨ ᠠᠷᠠᠳ ᠲᠤᠭᠳ᠋ᠠᠭᠠᠬᠤ ᠶᠤᠰᠤᠳ᠋ᠠᠢ ᠤᠴᠢᠷ ᠶᠠᠪᠤᠳ᠋ᠠᠯ ᠢ ᠴᠦ᠋ᠮ ᠰᠤᠩᠭ᠋ᠤᠭᠤᠯᠢ ᠶᠢᠨ ᠠᠷᠠᠳ ᠲᠤᠭᠳ᠋ᠠᠭᠠᠵᠤ᠂ ᠠᠷᠠᠳ ᠤᠯᠨᠨ ᠤ ᠠᠷᠠᠳᠴᠢᠯᠠᠯ ᠤᠨ ᠡᠷᠭᠡ ᠪᠠᠨ ᠬᠠᠤᠯᠢ ᠶᠤᠰᠤᠭᠠᠷ ᠭᠡᠷᠡᠭ᠍ᠵᠢᠬᠦᠯᠬᠦ ᠶᠢ ᠦᠨᠡᠨᠬᠦ ᠬᠦᠨᠳ᠋ᠤᠳᠭᠡᠨ ᠪᠠᠳ᠋ᠤᠯᠠᠵᠤ᠂ ᠲᠠᠳ᠋ᠠᠨ ᠤ ᠬᠦᠰᠠᠯ ᠰᠠᠨᠠᠭ᠎ᠠ ᠪᠠ ᠱᠠᠭᠠᠷᠳ᠋ᠠᠯᠭ᠎ᠠ ᠶᠢ ᠬᠦᠢᠴᠡᠳ ᠢᠯᠡᠷᠡᠬᠦᠯᠬᠦ ᠶᠢ ᠪᠠᠳ᠋ᠤᠯᠠᠬᠤ ᠭᠡᠷᠡᠭ᠍ᠳ᠋ᠡᠢ᠃ ᠬᠤᠯᠪᠤᠭᠳ᠋ᠠᠯ ᠪᠦᠬᠦᠢ ᠬᠠᠤᠯᠢ ᠴᠠᠭᠠᠵᠨ ᠶᠢᠨ ᠲᠤᠭᠳ᠋ᠠᠭᠠᠯ ᠢ ᠬᠢᠨᠠᠮᠠᠭᠠᠢ᠂ ᠪᠦᠬᠦ ᠲᠠᠯ᠎ᠠ ᠪᠠᠷ᠂ ᠰᠢᠰᠲ᠋ᠸᠮ ᠲᠡᠶ ᠰᠤᠷᠤᠯᠴᠠᠵᠤ᠂ ᠬᠠᠤᠯᠢ ᠲᠦ᠋ᠷᠢᠮ ᠤᠨ ᠦᠵᠡᠯᠳ᠋ᠠ ᠪᠠᠨ ᠤᠯᠠᠮ ᠨᠢᠭᠡ ᠠᠯᠬᠤᠮ ᠴᠢᠩᠭ᠋ᠠᠳᠬᠠᠨ᠂ ᠦᠨᠳ᠋ᠤᠰᠤᠨ ᠬᠠᠤᠯᠢ ᠪᠠ ᠬᠠᠤᠯᠢ ᠴᠠᠭᠠᠵᠨ ᠶᠢᠨ ᠲᠤᠭᠳ᠋ᠠᠭᠠᠯ ᠢ ᠴᠢᠩᠭ᠎ᠠ ᠵᠢᠷᠤᠮᠯᠠᠨ ᠠᠵᠢᠯ ᠶᠢᠡᠨ ᠦᠷᠨᠢᠬᠦᠯᠵᠤ᠂ ᠬᠠᠤᠯᠢ ᠴᠠᠭᠠᠵᠨ ᠶᠢᠨ ᠲᠦ᠋ᠪ ᠴᠢᠩᠭ᠎ᠠ ᠴᠢᠨᠠᠷ᠂ ᠡᠷᠭᠡ ᠰᠦ᠋ᠷᠳ᠋ᠤ ᠴᠢᠨᠠᠷ ᠢ ᠤᠬᠠᠮᠰᠠᠷ ᠡᠴᠨ ᠪᠠᠨ ᠬᠦᠨᠳ᠋ᠤᠳᠭᠡᠨ ᠬᠠᠮᠠᠭᠠᠯᠠᠵᠤ᠂ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠤᠨ ᠬᠠᠤᠯᠢ ᠴᠠᠭᠠᠵᠨ ᠶᠢᠨ ᠲᠤᠭᠳ᠋ᠠᠭᠠᠯ ᠢ ᠴᠢᠩᠭ᠎ᠠ ᠵᠢᠷᠤᠮᠯᠠᠨ ᠡᠮᠬᠢ ᠵᠢᠷᠤᠮ ᠲᠡᠶ ᠶᠠᠪᠤᠭᠳ᠋ᠠᠬᠤ ᠶᠢ ᠦᠨᠡᠨᠬᠦ ᠪᠠᠳ᠋ᠤᠯᠠᠬᠤ ᠭᠡᠷᠡᠭ᠍ᠳ᠋ᠡᠢ ᠭᠡᠵᠤ ᠱᠠᠭᠠᠷᠳ᠋ᠠᠵᠠᠢ᠃

ᠡᠤ ᠴᠢᠩ ᠬᠠᠢ᠂ ᠡᠯ᠎ᠠ ᠰᠤᠮᠤ ᠪᠠᠯᠭᠠᠰᠤᠨ ᠤ ᠨᠠᠮ ᠤᠨ ᠬᠤᠷᠢᠶ᠎ᠠ ᠪᠠ ᠰᠤᠩᠭ᠋ᠤᠭᠤᠯᠢ ᠶᠢᠨ ᠠᠵᠢᠯ ᠤᠨ ᠪᠠᠢ᠌ᠭᠤᠯᠤᠮᠵᠢ ᠬᠤᠰᠢᠭᠤ᠂ ᠰᠤᠮᠤ ᠪᠠᠯᠭᠠᠰᠤ ᠶᠢᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠢ ᠲᠠᠭᠡᠳ᠋ᠤ ᠭᠡᠮᠵᠢᠶ᠎ᠠ ᠪᠠᠷ ᠴᠢᠬᠤᠯᠠᠴᠢᠯᠠᠵᠤ᠂ ᠵᠤᠬᠢᠶᠠᠨ ᠪᠠᠢ᠌ᠭᠤᠯᠤᠯᠳ᠋ᠠ ᠶᠢᠨ ᠤᠳ᠋ᠤᠷᠢᠳ᠋ᠤᠯᠭ᠎ᠠ ᠪᠠᠨ ᠴᠢᠩᠭ᠋ᠠᠳᠬᠠᠵᠤ᠂ ᠡᠷᠭᠡᠪᠰᠢ ᠰᠢᠨ᠎ᠠ ᠨᠢᠭᠡ ᠬᠤᠭᠤᠴᠠᠭᠠᠨ ᠤ ᠬᠤᠰᠢᠭᠤ᠂ ᠰᠤᠮᠤ ᠪᠠᠯᠭᠠᠰᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠲᠦ᠋ᠯᠤᠭᠡᠯᠡᠭ᠍ᠴᠢ ᠶᠢ ᠰᠤᠩᠭ᠋ᠤᠬᠤ ᠠᠵᠢᠯ ᠢ ᠪᠠᠢ᠌ᠯᠳ᠋ᠤᠬᠤ ᠪᠤᠳ᠋ᠤᠯᠭ᠎ᠠ ᠶᠢᠨ ᠴᠢᠨᠠᠷᠳ᠋ᠠᠢ᠂ ᠪᠦᠬᠦ ᠲᠠᠯ᠎ᠠ ᠶᠢᠨ ᠴᠢᠨᠠᠷᠳ᠋ᠠᠢ ᠪᠠᠷ ᠨᠠᠷᠢᠯᠢᠭᠵᠢᠭᠤᠯᠬᠤ ᠭᠡᠷᠡᠭ᠍ᠳ᠋ᠡᠢ ᠭᠡᠵᠤ ᠴᠢᠬᠤᠯᠠᠴᠢᠯᠠᠵᠠᠢ᠃ᠡᠤ ᠴᠢᠩ ᠬᠠᠢ᠂ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠲᠤᠮᠳ᠋ᠠᠬᠢ ᠡᠯ᠎ᠠ ᠵᠤᠢ᠌ᠯ ᠤᠨ ᠭᠡᠨᠡᠳᠳ᠋ᠠ ᠶᠢᠨ ᠭᠡᠷᠡᠭ᠌ ᠢ ᠴᠠᠭ ᠲᠤᠬᠠᠢ ᠳ᠋ᠤᠨᠢ ᠠᠷᠭᠠᠴᠠᠨ ᠰᠢ᠌ᠳᠪᠤᠷᠢᠯᠡᠵᠤ᠂ ᠬᠤᠭᠤᠴᠠᠭ᠎ᠠ ᠰᠤᠯᠢᠬᠤ ᠬᠤᠭᠤᠴᠠᠭᠠᠨ ᠳ᠋ᠥ ᠰᠤᠩᠭ᠋ᠤᠭᠤᠯᠢ ᠶᠢ ᠬᠠᠷᠰᠢᠯᠠᠭᠰᠨᠨ᠂ ᠵᠠᠬᠢᠳ᠋ᠠᠯ ᠰᠤᠷᠪᠤᠯᠵᠢᠯᠠᠭ᠎ᠠ ᠶᠢᠨ ᠭᠡᠷᠡᠭ᠌᠂ ᠴᠢᠬᠤᠯᠨ ᠶᠠᠷᠢᠶ᠎ᠠ ᠭᠡᠯᠡᠯᠴᠡᠭᠡᠨ ᠤ ᠪᠠᠢ᠌ᠳ᠋ᠠᠯ᠂ ᠬᠤᠷᠠᠯ ᠤᠨ ᠰᠤᠷᠳ᠋ᠠᠯ ᠬᠤᠷᠠᠯ ᠤᠨ ᠰᠠᠬᠢᠯᠭ᠎ᠠ ᠵᠡᠷᠭᠡ ᠠᠵᠢᠯ ᠢ ᠴᠢᠩᠭ᠎ᠠ ᠪᠦᠭᠡᠳ ᠲᠦ᠋ᠷᠭᠡᠨ ᠶᠢᠡᠷ ᠰᠠᠢ᠌ᠳ᠋ᠤᠷ ᠬᠢᠵᠤ᠂ ᠭᠡᠨᠡᠳᠳ᠋ᠠ ᠶᠢᠨ ᠭᠡᠷᠡᠭ᠌ ᠪᠠ ᠶᠠᠷᠢᠶ᠎ᠠ ᠭᠡᠯᠡᠯᠴᠡᠭᠡᠨ ᠤ ᠭᠡᠷᠡᠭ᠌ ᠢ ᠰᠢ᠌ᠳᠪᠤᠷᠢᠯᠡᠬᠦ ᠴᠢᠳ᠋ᠠᠪᠤᠷᠢ ᠪᠠᠨ ᠴᠢᠩᠭ᠋ᠠᠳᠬᠠᠬᠤ ᠭᠡᠷᠡᠭ᠍ᠳ᠋ᠡᠢ᠃ ᠪᠢᠯᠸᠲ ᠦᠭ᠍ᠴᠤ ᠪᠠᠳ᠋ᠤᠯᠠᠬᠤ ᠬᠢᠨᠠᠯᠳ᠋ᠠ ᠪᠠᠨ ᠴᠢᠩᠭ᠋ᠠᠳᠬᠠᠵᠤ᠂ 〈ᠦᠴᠤᠭᠡᠨ ᠴᠤ ᠠᠭᠤᠴᠢᠯᠠᠬᠤ ᠦᠭᠡᠶ〉 ᠤᠯᠤᠰ ᠲᠦ᠋ᠷᠤ ᠶᠢᠨ ᠤᠪᠤᠷ᠂ ᠵᠢᠷᠤᠮᠵᠢᠭᠰᠠᠨ ᠴᠢᠩᠭ᠎ᠠ ᠨᠢᠮᠪᠠᠢ ᠬᠠᠤᠯᠢ ᠪᠠᠷ ᠲᠤᠭᠳ᠋ᠠᠭᠠᠭᠰᠨᠨ ᠵᠢᠷᠤᠮ᠂ ᠰᠢᠨᠵᠢᠯᠡᠬᠦ ᠤᠬᠠᠭᠠᠨᠴᠢ ᠪᠦᠳ᠋ᠤᠮᠵᠢᠳ᠋ᠠᠢ ᠠᠵᠢᠯ ᠤᠨ ᠲᠤᠭᠳ᠋ᠠᠴᠨ᠂ ᠲᠦ᠋ᠪ ᠴᠢᠩᠭ᠎ᠠ ᠨᠠᠷᠢᠨ ᠬᠢᠨᠠᠮᠭᠠᠢ ᠰᠠᠬᠢᠯᠭ᠎ᠠ ᠪᠠᠳ᠋ᠤ ᠶᠢᠨ ᠱᠠᠭᠠᠷᠳ᠋ᠠᠯᠭ᠎ᠠ ᠶᠢ ᠴᠢᠩᠭ᠋ᠠᠳᠬᠠᠨ᠂ ᠰᠠᠬᠢᠯᠭ᠎ᠠ ᠪᠠᠳ᠋ᠤ ᠬᠠᠤᠯᠢ ᠴᠠᠭᠠᠵᠨ ᠶᠢ ᠵᠦ᠋ᠷᠢᠴᠡᠭ᠍ᠰᠨᠨ ᠠᠰᠠᠭᠤᠳ᠋ᠠᠯ ᠭᠠᠷᠬᠤ ᠶᠢ ᠡᠷᠡᠰ ᠬᠤᠷᠢᠭᠯᠠᠬᠤ ᠭᠡᠷᠡᠭ᠍ᠳ᠋ᠡᠢ᠃ ᠡᠬᠦᠨ ᠤ ᠬᠠᠮᠳ᠋ᠤ᠂ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠺᠠᠳ᠋ᠷ ᠰᠤᠩᠭ᠋ᠤᠭᠤᠯᠢ ᠶᠢᠨ ᠠᠵᠢᠯᠳ᠋ᠠᠨ ᠤ ᠬᠠᠮᠢᠶᠠᠷᠤᠯᠳ᠋ᠠ ᠬᠢᠨᠠᠯᠳ᠋ᠠ ᠪᠠᠨ ᠴᠢᠩᠭ᠋ᠠᠳᠬᠠᠵᠤ᠂ ᠪᠢᠯᠸᠲ ᠦᠭ᠍ᠬᠦ ᠰᠤᠩᠭ᠋ᠤᠭᠤᠯᠢ ᠲᠤᠮᠳ᠋ᠠᠬᠢ ᠠᠰᠠᠭᠤᠳ᠋ᠠᠯ ᠠᠮᠠᠷᠬᠠᠨ ᠡᠬᠦᠰᠬᠦ ᠭᠠᠵᠠᠷ᠂ ᠭᠤᠭᠴᠤᠭ᠎ᠠ ᠪᠠ ᠡᠳ᠋ᠡᠭᠡᠳ ᠲᠣ ᠴᠢᠭᠯᠡᠬᠦᠯᠤᠨ᠂ ᠲᠦ᠋ᠷᠢᠮ ᠢ ᠲᠠᠬᠦᠯᠳ᠋ᠡᠷᠵᠢᠬᠦᠯᠵᠤ᠂ ᠠᠷᠭ᠎ᠠ ᠭᠡᠮᠵᠢᠶ᠎ᠠ ᠶᠢ ᠴᠢᠩᠳ᠋ᠠᠯᠠᠨ᠂ ᠰᠠᠨᠠᠭᠤᠯᠬᠤ ᠶᠢ ᠴᠢᠩᠭ᠋ᠠᠳᠬᠠᠨ᠂ ᠪᠠᠭ᠎ᠠ ᠲᠠᠭᠡᠷ᠎ᠠ ᠨᠢ ᠰᠡᠷᠭᠡᠢ᠌ᠯᠡᠬᠦ ᠭᠡᠷᠡᠭ᠍ᠳ᠋ᠡᠢ᠃ ᠡᠯ᠎ᠠ ᠱᠠᠳ᠋ᠤᠨ ᠤ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠪᠤᠢ ᠪᠦᠬᠦᠢ ᠮᠠᠲ᠋ᠸᠷᠢᠶᠠᠯ ᠢ ᠡᠷᠭᠡᠪᠰᠢ ᠴᠠᠭ ᠲᠤᠬᠠᠢ ᠳ᠋ᠤᠨᠢ ᠡᠮᠬᠢᠳᠭᠡᠵᠤ᠂ ᠲᠠᠩᠰᠨ ᠡᠪᠭᠡᠮᠡᠯ ᠳ᠋ᠥ ᠤᠷᠤᠭᠤᠯᠤᠨ ᠪᠠᠢ᠌ᠴᠠᠭᠠᠬᠤ ᠳ᠋ᠥ ᠪᠡᠯᠡᠳᠭᠡᠵᠤ᠂ ᠠᠰᠠᠭᠤᠳ᠋ᠠᠯ ᠪᠠᠢ᠌ᠬᠤ ᠶᠢ ᠤᠯᠵᠤ ᠮᠡᠳ᠋ᠡᠪᠡᠯ ᠭᠡᠳ᠋ᠡᠷᠬᠦ ᠪᠠᠢ᠌ᠴᠠᠭᠠᠬᠤ ᠲᠤᠭᠳ᠋ᠠᠴᠨ ᠶᠢ ᠲᠠᠷᠤᠢ᠌ᠬᠠᠨ ᠡᠬᠢᠯᠡᠬᠦᠯᠬᠦ ᠭᠡᠷᠡᠭ᠍ᠳ᠋ᠡᠢ᠃ ᠰᠠᠬᠢᠯᠭ᠎ᠠ ᠪᠠᠳ᠋ᠤ ᠪᠠ ᠶᠤᠰᠤ ᠲᠦ᠋ᠷᠢᠮ ᠢ ᠲᠠᠷᠢᠬᠦᠨ ᠳ᠋ᠥ ᠲᠠᠯᠪᠢᠬᠤ ᠶᠢ ᠪᠠᠷᠢᠮᠳ᠋ᠠᠯᠠᠵᠤ᠂ ᠦᠵᠡᠯ ᠰᠠᠨᠠᠭ᠎ᠠ ᠤᠯᠤᠰ ᠲᠦ᠋ᠷᠤ ᠶᠢᠨ ᠠᠵᠢᠯ ᠢ ᠬᠦᠨᠵᠡᠭᠡᠢ ᠨᠠᠷᠢᠯᠢᠭ ᠰᠠᠢ᠌ᠳ᠋ᠤᠷ ᠬᠢᠵᠤ᠂ ᠡᠯ᠎ᠠ ᠲᠦ᠋ᠷᠤᠯ ᠤᠨ ᠠᠶᠤᠯ ᠲᠦ᠋ᠭ᠍ᠰᠢᠬᠦᠷᠢ ᠶᠢ ᠦᠨᠡᠨᠬᠦ ᠰᠡᠷᠭᠡᠢ᠌ᠯᠡᠨ ᠠᠷᠢᠯᠭᠠᠵᠤ᠂ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠰᠤᠷᠳ᠋ᠠᠯ ᠴᠢᠭᠡᠴᠢ ᠤᠪᠤᠷ ᠲᠦ᠋ᠪ ᠤᠷᠴᠢᠨ ᠢ ᠬᠦᠴᠤᠯᠡᠨ ᠪᠤᠢ ᠪᠤᠯᠭᠠᠬᠤ ᠭᠡᠷᠡᠭ᠍ᠳ᠋ᠡᠢ᠃ ᠤᠳ᠋ᠤᠬᠠᠨ ᠤ ᠲᠤᠯᠭᠠᠷᠠᠵᠤ ᠪᠠᠢ᠌ᠭ᠎ᠠ ᠰᠢᠨ᠎ᠠ ᠪᠠᠢ᠌ᠳ᠋ᠠᠯ᠂ ᠰᠢᠨ᠎ᠠ ᠱᠠᠭᠠᠷᠳ᠋ᠠᠯᠭ᠎ᠠ ᠶᠢ ᠲᠠᠭᠡᠳ᠋ᠤ ᠭᠡᠮᠵᠢᠶ᠎ᠠ ᠪᠠᠷ ᠴᠢᠬᠤᠯᠠᠴᠢᠯᠠᠵᠤ᠂ ᠬᠢᠵᠢᠭ᠌ ᠤᠨ ᠪᠠᠢ᠌ᠳ᠋ᠠᠯ ᠢ ᠪᠦᠳ᠋ᠤᠮᠵᠢᠳ᠋ᠠᠢ ᠰᠡᠷᠭᠡᠢ᠌ᠯᠡᠨ ᠡᠵᠡᠮᠳ᠋ᠡᠭ᠍ᠰᠨᠨ ᠤᠷᠢᠳ᠋ᠠᠯ ᠲᠤᠤᠷ᠎ᠠ᠂ ᠬᠠᠷᠠᠯᠳ᠋ᠠ ᠪᠠᠨ ᠬᠤᠪᠢᠷᠠᠭᠤᠯᠬᠤ ᠦᠭᠡᠶ ᠪᠠᠢ᠌ᠬᠤ ᠶᠢ ᠪᠠᠷᠢᠮᠳ᠋ᠠᠯᠠᠵᠤ᠂ ᠬᠤᠰᠢᠭᠤ᠂ ᠰᠤᠮᠤ ᠪᠠᠯᠭᠠᠰᠤ ᠬᠤᠶᠠᠷ ᠱᠠᠳ᠋ᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠢ ᠦᠨᠡᠨᠬᠦ ᠰᠠᠢ᠌ᠳ᠋ᠤᠷ ᠠᠳᠬᠤᠵᠤ᠂ 〈ᠬᠤᠶᠠᠷ ᠲᠠᠯ᠎ᠠ ᠪᠠᠷ ᠠᠳᠬᠤᠬᠤ〉 〈ᠬᠤᠶᠠᠷ ᠢ ᠰᠠᠭᠠᠳ᠋ᠠᠭᠠᠬᠤ ᠦᠭᠡᠶ〉 ᠪᠠᠢ᠌ᠬᠤ ᠶᠢ ᠪᠠᠶᠡᠯᠡᠬᠦᠯᠬᠦ ᠭᠡᠷᠡᠭ᠍ᠳ᠋ᠡᠢ ᠭᠡᠵᠦ ᠱᠠᠭᠠᠷᠳᠠᠪᠠ᠃


ᠬᠤᠷᠠᠯ ᠲᠠᠭᠡᠷ᠎ᠠ᠂ ᠼᠦ᠋ᠢ ᠯᠸᠢ ᠯᠸᠢ ᠡᠴᠨ ᠬᠤᠰᠢᠭᠤ᠂ ᠰᠤᠮᠤ ᠪᠠᠯᠭᠠᠰᠤ ᠬᠤᠶᠠᠷ ᠱᠠᠳ᠋ᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠢ᠌ᠷᠢᠯᠠᠭᠤᠯᠪᠠ᠃