ᠤᠳᠤ ᠶᠢᠨ ᠪᠠᠢ᠌ᠷᠢ᠄ ᠪᠠᠢ᠌ᠩᠭᠤ ᠶᠢᠨ ᠬᠤᠷᠢᠶᠠᠨ ᠤ ᠠᠵᠢᠯ → ᠵᠠᠷᠤᠤᠨ ᠬᠤᠰᠢᠭᠤ ᠠᠷᠠᠳ ᠤᠨ ᠲᠦ᠋ᠯᠤᠭᠡᠯᠡᠭ᠍ᠴᠢᠳ ᠤᠨ᠁
ᠵᠠᠷᠤᠤᠨ ᠬᠤᠰᠢᠭᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠬᠢᠨᠠᠨ ᠵᠢᠯᠤᠭᠤᠳᠬᠤ ᠠᠵᠢᠯ ᠢ ᠯᠠᠪᠳ᠋ᠠᠭᠤᠨ ᠪᠠᠳ᠋ᠤᠳ᠋ᠠᠢ ᠦᠷᠨᠢᠬᠦᠯᠪᠡ

               

               ᠵᠠᠷᠤᠤᠨ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠤᠨ ᠬᠢᠨᠠᠨ ᠵᠢᠯᠤᠭᠤᠳᠬᠤ ᠲᠤᠭᠤᠢ᠌ᠯᠠᠩ ᠨᠢ 6 ᠲᠤᠭᠤᠢ᠌ᠯᠠᠩ ᠤᠨ 31ᠨᠡᠷᠡᠰ ᠰᠢᠯᠢᠳ᠋ᠡᠭ᠌ ᠬᠦᠴᠤᠨ ᠶᠢᠡᠷ ᠪᠦᠷᠢᠯᠳ᠋ᠤᠵᠠᠢ᠃ ᠠᠵᠢᠯ ᠲᠤᠮᠳ᠋ᠠ᠂ ᠬᠢᠨᠠᠨ ᠵᠢᠯᠤᠭᠤᠳᠬᠤ ᠲᠤᠭᠤᠢ᠌ᠯᠠᠩ ᠲᠠᠭᠡᠷ᠎ᠠ ᠱᠠᠳ᠋ᠤᠨ ᠤ ᠨᠠᠮ ᠤᠨ ᠬᠤᠷᠢᠶ᠎ᠠ ᠪᠤᠯᠤᠨ ᠬᠤᠰᠢᠭᠤᠨ ᠤ ᠨᠠᠮ ᠤᠨ ᠬᠤᠷᠢᠶᠠᠨ ᠤ ᠶᠡᠷᠤᠩᠭᠡᠢ ᠱᠠᠭᠠᠷᠳ᠋ᠠᠯᠭ᠎ᠠ ᠶᠤᠰᠤᠭᠠᠷ᠂ ᠯᠠᠪᠳ᠋ᠠᠭᠤᠨ ᠪᠠᠳ᠋ᠤᠳ᠋ᠠᠢ ᠠᠵᠢᠯᠯᠠᠵᠤ᠂ ᠡᠬᠦᠷᠭᠡ ᠬᠠᠷᠢᠭᠤᠴᠠᠯᠭ᠎ᠠ ᠶᠢᠡᠨ ᠨᠠᠷᠢᠨ ᠬᠢᠨᠠᠮᠠᠭᠠᠢ ᠬᠦᠢᠴᠡᠳᠭᠡᠨ᠂ ᠬᠢᠨᠠᠨ ᠵᠢᠯᠤᠭᠤᠳᠬᠤ ᠠᠵᠢᠯ ᠶᠢᠡᠨ ᠨᠡᠯᠢᠶᠡᠳ ᠰᠠᠢ᠌ᠨ ᠦᠷᠨᠢᠬᠦᠯᠪᠡ᠃

                

                ᠬᠠᠷᠢᠭᠤᠴᠠᠯᠭ᠎ᠠ ᠡᠬᠦᠷᠭᠡᠯᠡᠯ ᠶᠢᠡᠨ ᠴᠢᠩᠭ᠋ᠠᠷᠠᠭᠤᠯᠵᠤ᠂ ᠲᠠᠭᠡᠷ᠎ᠠ ᠱᠠᠳ᠋ᠤᠨ ᠤ ᠪᠠᠢ᠌ᠳ᠋ᠠᠯ ᠢ ᠲᠤᠷᠤᠭᠰᠢ ᠪᠠᠭᠤᠯᠭᠠᠬᠤ ᠶᠢ ᠰᠠᠢ᠌ᠳ᠋ᠤᠷ ᠬᠢᠪᠡ᠃ ᠬᠢᠨᠠᠨ ᠵᠢᠯᠤᠭᠤᠳᠬᠤ ᠲᠤᠭᠤᠢ᠌ᠯᠠᠩ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠬᠢᠨᠠᠨ ᠵᠢᠯᠤᠭᠤᠳᠬᠤ ᠠᠵᠢᠯ ᠢ ᠤᠳ᠋ᠤᠬᠠᠨ ᠤ ᠨᠢᠭᠡᠨ ᠤᠯᠤᠰ ᠲᠦ᠋ᠷᠤ ᠶᠢᠨ ᠡᠬᠦᠷᠭᠡ ᠪᠤᠯᠭᠠᠨ᠂ ᠨᠠᠮ ᠤᠨ ᠤᠳ᠋ᠤᠷᠢᠳ᠋ᠤᠯᠭ᠎ᠠ ᠶᠢ ᠢᠮᠠᠭᠳ᠋ᠠ ᠪᠠᠷᠢᠮᠳ᠋ᠠᠯᠠᠵᠤ᠂ ᠰᠤᠩᠭ᠋ᠤᠭᠤᠯᠢ ᠶᠢᠨ ᠠᠷᠠᠳ ᠢ ᠲᠠᠩᠰᠠᠯᠠᠬᠤ᠂ ᠲᠦ᠋ᠯᠤᠭᠡᠯᠡᠭ᠍ᠴᠢ ᠶᠢᠨ ᠲᠤᠭ᠎ᠠ ᠪᠠ ᠰᠤᠩᠭ᠋ᠤᠭᠤᠯᠢ ᠶᠢᠨ ᠲᠤᠭᠤᠷᠢᠭ ᠢ ᠬᠤᠪᠢᠶᠠᠷᠢᠯᠠᠬᠤ᠂ ᠲᠦ᠋ᠯᠤᠭᠡᠯᠡᠭ᠍ᠴᠢ ᠶᠢ ᠲᠠᠨᠢᠯᠴᠠᠭᠤᠯᠬᠤ ᠬᠢᠷᠢ ᠭᠡᠮ ᠤᠨ ᠨᠦ᠋ᠬᠦᠴᠡᠯ᠂ ᠲᠦ᠋ᠯᠤᠭᠡᠯᠡᠭ᠍ᠴᠢ ᠶᠢᠨ ᠪᠦᠳ᠋ᠤᠴᠨ ᠶᠢᠨ ᠬᠠᠷᠢᠴᠠᠯ᠂ ᠪᠢᠯᠸᠲ ᠦᠭ᠍ᠴᠤ ᠰᠤᠩᠭ᠋ᠤᠬᠤ ᠵᠡᠷᠭᠡ ᠴᠢᠬᠤᠯᠨ ᠭᠤᠭᠴᠤᠭ᠎ᠠ ᠶᠢ ᠭᠤᠤᠯᠳ᠋ᠠᠯᠭ᠎ᠠ ᠲᠡᠶ ᠡᠵᠡᠮᠰᠢᠵᠤ᠂ ᠲᠠᠭᠡᠷ᠎ᠠ ᠱᠠᠳ᠋ᠤᠨ ᠤ ᠲᠤᠭᠳ᠋ᠠᠭᠠᠯ ᠪᠠ ᠬᠠᠮᠢᠶ᠎ᠠ ᠪᠦᠬᠦᠢ ᠵᠤᠷᠢᠭ ᠰᠠᠨᠠᠭ᠎ᠠ ᠶᠢ ᠴᠠᠭ ᠲᠤᠬᠠᠢ ᠳ᠋ᠤᠨᠢ ᠬᠠᠮᠢᠶ᠎ᠠ ᠪᠦᠬᠦᠢ ᠪᠠᠢ᠌ᠭᠤᠯᠭ᠎ᠠ ᠵᠢᠴᠢ ᠰᠤᠮᠤ ᠪᠠᠯᠭᠠᠰᠤ (ᠵᠡᠭᠡᠯᠢ ᠭᠤᠳ᠋ᠤᠮᠵᠢ) ᠳ᠋ᠥ ᠤᠯᠠᠮᠵᠢᠯᠠᠨ ᠪᠠᠢ᠌ᠷᠢᠯᠠᠭᠤᠯᠪᠠ᠃

               

              ᠠᠵᠢᠯ ᠤᠨ ᠭᠤᠤᠯᠳ᠋ᠠᠯᠭ᠎ᠠ ᠶᠢ ᠲᠤᠪᠤᠢ᠌ᠯᠭᠠᠵᠤ᠂ ᠠᠵᠢᠯ ᠤᠨ ᠪᠤᠳ᠋ᠠᠳ᠋ᠤ ᠦᠷ᠎ᠠ ᠪᠦᠳ᠋ᠤᠮᠵᠢ ᠤᠯᠬᠤ ᠪᠠᠷ ᠴᠢᠷᠮᠠᠢ᠌ᠪᠠ᠃ ᠬᠢᠨᠠᠨ ᠵᠢᠯᠤᠭᠤᠳᠬᠤ ᠡᠬᠦᠷᠭᠡ ᠴᠢᠳ᠋ᠠᠪᠤᠷᠢ ᠶᠢ ᠦᠨᠳ᠋ᠤᠰᠤᠯᠡᠨ᠂ ᠪᠤᠢ ᠪᠦᠬᠦᠢ ᠰᠤᠩᠭ᠋ᠤᠭᠤᠯᠢ ᠶᠢᠨ ᠲᠤᠭᠤᠷᠢᠭ ᠤᠨ ᠱᠠᠳ᠋ᠤ ᠦᠶ᠎ᠠ ᠨᠢᠭᠡᠪᠤᠷᠢ ᠶᠢᠨ ᠴᠢᠬᠤᠯᠨ ᠬᠤᠷᠠᠯ᠂ ᠵᠠᠩᠬᠢᠯᠠᠭ᠎ᠠ ᠶᠢᠨ ᠭᠤᠭᠴᠤᠭ᠎ᠠ᠂ ᠪᠤᠯᠪᠠᠰᠤᠷᠠᠯ ᠤᠨ ᠠᠵᠢᠯᠯᠠᠭ᠎ᠠ ᠪᠦᠬᠦᠨ ᠳ᠋ᠥ ᠤᠷᠤᠯᠴᠠᠨ ᠵᠢᠭᠠᠨ ᠵᠢᠯᠤᠭᠤᠳᠴᠤ᠂ ᠴᠢᠬᠤᠯᠨ ᠮᠠᠲ᠋ᠸᠷᠢᠶᠠᠯ᠂ ᠪᠢᠴᠢᠭ᠌ ᠮᠠᠲ᠋ᠸᠷᠢᠶᠠᠯ ᠪᠦᠬᠦᠨ ᠢ ᠴᠢᠩᠭ᠎ᠠ ᠠᠳᠬᠤᠨ᠂ ᠨᠠᠷᠢᠨ ᠬᠢᠨᠠᠮᠠᠭᠠᠢ ᠬᠢᠨᠠᠨ ᠬᠠᠷᠭᠤᠭᠤᠯᠵᠤ᠂ ᠬᠢᠨᠠᠨ ᠵᠢᠯᠤᠭᠤᠳᠬᠤ ᠠᠵᠢᠯ ᠤᠨ ᠪᠠᠢ᠌ᠳ᠋ᠠᠯ᠂ ᠬᠢᠨᠠᠨ ᠵᠢᠯᠤᠭᠤᠳᠬᠤ ᠪᠠᠢ᠌ᠭᠤᠯᠭ᠎ᠠ ᠶᠢᠨ ᠠᠵᠢᠯ ᠤᠨ ᠠᠬᠢᠴᠨ ᠶᠢᠨ ᠪᠠᠢ᠌ᠳ᠋ᠠᠯ ᠢ ᠴᠠᠭ ᠲᠤᠬᠠᠢ ᠳ᠋ᠤᠨᠢ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠳ᠋ᠥ ᠮᠡᠳ᠋ᠡᠬᠦᠯᠤᠨ ᠬᠦᠷᠭᠡᠵᠤ᠂ ᠬᠠᠮᠢᠶ᠎ᠠ ᠪᠦᠬᠦᠢ ᠠᠰᠠᠭᠤᠳ᠋ᠠᠯ ᠢ ᠴᠠᠭ ᠲᠤᠬᠠᠢ ᠳ᠋ᠤᠨᠢ ᠲᠤᠰᠬᠠᠨ᠂ ᠰᠠᠨᠠᠯ ᠰᠠᠨᠠᠭᠤᠯᠭ᠎ᠠ ᠲᠤᠷᠠᠳᠴᠤ᠂ ᠬᠢᠨᠠᠨ ᠵᠢᠯᠤᠭᠤᠳᠬᠤ ᠶᠢ ᠬᠦᠯᠢᠶᠡᠭ᠍ᠰᠨᠨ ᠪᠠᠢ᠌ᠭᠤᠯᠭ᠎ᠠ ᠶᠢᠨ ᠬᠤᠭᠤᠴᠠᠭ᠎ᠠ ᠰᠤᠯᠢᠬᠤ ᠠᠵᠢᠯ ᠤᠨ ᠤᠷᠤᠭᠰᠢᠳ᠋ᠠᠢ ᠶᠠᠪᠤᠭᠳ᠋ᠠᠬᠤ ᠶᠢ ᠯᠠᠪᠳ᠋ᠠᠭᠤᠨ ᠪᠠᠳ᠋ᠤᠳ᠋ᠠᠢ ᠲᠦ᠋ᠯᠬᠢᠨ ᠠᠬᠢᠭᠤᠯᠪᠠ᠃

               ᠲᠤᠰ ᠪᠠᠶ᠎ᠠ ᠶᠢᠨ ᠱᠠᠭᠠᠷᠳ᠋ᠠᠯᠭ᠎ᠠ ᠪᠠᠨ ᠴᠢᠩᠳ᠋ᠠᠯᠠᠵᠤ᠂ ᠲᠤᠬᠠᠢ᠌ᠯᠠᠭᠰᠨᠨ ᠠᠵᠢᠯ ᠤᠨ ᠭᠡᠪ ᠴᠢᠨᠠᠷ ᠶᠢᠡᠨ ᠲᠠᠭᠡᠭ᠍ᠰᠢᠯᠡᠬᠦᠯᠪᠡ᠃ ᠬᠢᠨᠠᠨ ᠵᠢᠯᠤᠭᠤᠳᠬᠤ ᠲᠤᠭᠤᠢ᠌ᠯᠠᠩ ᠲᠤᠰ ᠪᠠᠶ᠎ᠠ ᠶᠢᠨ ᠭᠡᠪ ᠴᠢᠨᠠᠷ ᠶᠢᠡᠨ ᠲᠠᠭᠡᠭ᠍ᠰᠢᠯᠡᠬᠦᠯᠬᠦ ᠶᠢ ᠲᠠᠷᠢᠬᠦᠨ ᠪᠠᠢ᠌ᠷᠢᠨ ᠳ᠋ᠥ ᠲᠠᠯᠪᠢᠵᠤ᠂ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠲᠤᠬᠠᠢ᠌ᠯᠠᠭᠰᠨᠨ ᠠᠵᠢᠯ ᠤᠨ ᠤᠨᠤᠯ ᠤᠨ ᠰᠤᠷᠤᠯᠴᠠᠯᠭ᠎ᠠ ᠶᠢ ᠴᠢᠩᠭ᠋ᠠᠳᠬᠠᠨ᠂ ᠲᠠᠷᠨ ᠲᠠᠷᠤᠢ ᠳ᠋ᠤᠨᠢ ᠡᠯ᠎ᠠ ᠲᠤᠭᠤᠢ᠌ᠯᠠᠩ ᠤᠨ ᠬᠦᠮᠤᠰ ᠢ ᠵᠤᠬᠢᠶᠠᠨ ᠪᠠᠢ᠌ᠭᠤᠯᠵᠤ᠂ ᠰᠤᠩᠭ᠋ᠤᠭᠤᠯᠢ ᠶᠢᠨ ᠬᠠᠤᠯᠢ᠂ ᠲᠦ᠋ᠯᠤᠭᠡᠯᠡᠭ᠍ᠴᠢ ᠶᠢᠨ ᠬᠠᠤᠯᠢ ᠪᠠ 〈ᠦᠪᠡᠷᠳ᠋ᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠬᠤᠰᠢᠭᠤ ᠰᠤᠮᠤ ᠪᠠᠯᠭᠠᠰᠤ ᠶᠢᠨ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠢ ᠰᠠᠢ᠌ᠳ᠋ᠤᠷ ᠬᠢᠬᠦ ᠲᠤᠬᠠᠢ ᠰᠠᠨᠠᠯ〉 ᠵᠡᠷᠭᠡ ᠬᠠᠮᠢᠶ᠎ᠠ ᠪᠦᠬᠦᠢ ᠬᠠᠤᠯᠢ ᠲᠦ᠋ᠷᠢᠮ ᠪᠠ ᠪᠢᠴᠢᠭ᠌ ᠮᠠᠲ᠋ᠸᠷᠢᠶᠠᠯ ᠤᠨ ᠵᠤᠷᠢᠭ ᠰᠠᠨᠠᠭ᠎ᠠ ᠶᠢ ᠰᠤᠷᠤᠯᠴᠠᠨ᠂ ᠴᠢᠬᠤᠯᠨ ᠴᠠᠭ ᠬᠤᠭᠤᠴᠠᠭ᠎ᠠ᠂ ᠴᠢᠬᠤᠯᠨ ᠭᠤᠭᠴᠤᠭ᠎ᠠ ᠶᠢᠨ ᠲᠠᠰ ᠲᠠᠷᠠᠭᠠᠯᠠᠯ ᠢ ᠲᠠᠬᠢᠨ ᠲᠤᠬᠢᠷᠠᠭᠤᠯᠵᠤ᠂ ᠬᠢᠨᠠᠨ ᠵᠢᠯᠤᠭᠤᠳᠬᠤ ᠶᠠᠪᠤᠴᠨ ᠲᠤᠮᠳ᠋ᠠ᠂ ᠬᠢᠨᠠᠨ ᠵᠢᠯᠤᠭᠤᠳᠬᠤ ᠠᠵᠢᠯᠳ᠋ᠠᠨ ᠤ ᠭᠡᠪ ᠴᠢᠨᠠᠷ ᠤᠨ ᠲᠠᠯ᠎ᠠ ᠪᠠᠷ ᠪᠠᠢ᠌ᠪᠠᠰᠤ ᠵᠤᠬᠢᠬᠤ ᠲᠤᠰᠬᠠᠢ ᠴᠢᠳ᠋ᠠᠪᠤᠳ᠋ᠠᠢ ᠶᠢᠡᠨ ᠢᠯᠡᠷᠡᠬᠦᠯᠬᠦ ᠶᠢ ᠪᠠᠳ᠋ᠤᠯᠠᠪᠠ᠃ (ᠳ᠋ᠠᠢ ᠰᠢᠶ‍ᠦ᠋ᠩ)

ᠡᠮᠦᠨᠡᠬᠢ᠄ ᠬᠤᠰᠢᠭᠤ᠂ ᠰᠤᠮᠤ ᠪᠠᠯᠭᠠᠰᠤ ᠶᠢᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠠᠵᠢᠯ ᠤᠨ ᠬᠤᠷᠠᠯ ᠬᠤᠷᠠᠯᠳ᠋ᠤᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠡᠴᠨ ᠪᠦᠬᠦ ᠬᠤᠰᠢᠭᠤᠨ ᠤ ᠬᠤᠳ᠋ᠠ ᠪᠠᠯᠭᠠᠰᠤ ᠶᠢᠨ ᠰᠠᠭᠤᠭᠤᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠤᠨ ᠰᠠᠭᠤᠷᠢ ᠮᠦ᠋ᠩᠬᠦ ᠶᠢᠨ ᠬᠠᠮᠢᠶᠠᠷᠤᠯᠳ᠋ᠠ ᠶᠢᠨ ᠠᠵᠢᠯᠯᠠᠭᠠᠨ ᠤ ᠪᠠᠢ᠌ᠳ᠋ᠠᠯ ᠳ᠋ᠥ ᠲᠤᠰᠠᠬᠠᠢ ᠰᠡᠳ᠋ᠤᠪᠳ᠋ᠤ ᠪᠠᠢ᠌ᠴᠠᠭᠠᠨ ᠰᠤᠳ᠋ᠤᠯᠤᠯᠳ᠋ᠠ ᠬᠢᠪᠡ