ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠨᠠᠮ ᠤᠨ ᠲᠦ᠋ᠪ ᠬᠤᠷᠢᠶᠠᠨ ᠤ ᠬᠢᠭ᠍ᠰᠡᠨ ᠨᠠᠮ ᠤᠨ ᠠᠷᠪᠠ ᠶᠢᠰᠤᠳ᠋ᠤᠭᠡᠷ ᠬᠤᠭᠤᠴᠠᠭᠠᠨ ᠤ ᠵᠢᠷᠭᠤᠳ᠋ᠤᠭᠠᠷ ᠪᠦᠬᠦᠳ᠋ᠠ ᠬᠤᠷᠠᠯ ᠤᠨ ᠰᠤᠨᠢᠨ ᠮᠡᠳ᠋ᠡᠭᠡ ᠨᠡᠢ᠌ᠳ᠋ᠡᠯᠡᠬᠦ ᠬᠤᠷᠠᠯ ᠤᠨ ᠲᠠᠨᠢᠯᠴᠠᠭᠤᠯᠭ᠎ᠠ ᠶᠢ ᠲᠦ᠋ᠪᠯᠡᠷᠡᠨ ᠦᠵᠡᠪᠡ
11 ᠰᠠᠷ᠎ᠠ ᠶᠢᠨ12 ᠤ ᠡᠳ᠋ᠤᠷ ᠤᠨ ᠦᠳ᠋ᠡ ᠶᠢᠨ ᠡᠮᠤᠨ᠎ᠠ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠲᠦ᠋ᠪ ᠬᠤᠷᠢᠶᠠᠨ ᠤ ᠬᠢᠭ᠍ᠰᠨᠨ ᠨᠠᠮ ᠤᠨ ᠠᠷᠪᠠ ᠶᠢᠰᠤᠳ᠋ᠤᠭᠡᠷ ᠬᠤᠭᠤᠴᠠᠭᠠᠨ ᠤ ᠵᠢᠷᠭᠤᠳ᠋ᠤᠭᠠᠷ ᠪᠦᠬᠦᠳ᠋ᠠ ᠬᠤᠷᠠᠯ ᠤᠨ ᠵᠤᠷᠢᠭ ᠰᠠᠨᠠᠭ᠎ᠠ ᠶᠢᠨ ᠰᠤᠨᠢᠨ ᠮᠡᠳ᠋ᠡᠭᠡ ᠨᠡᠢ᠌ᠳ᠋ᠡᠯᠡᠬᠦ ᠬᠤᠷᠠᠯ ᠤᠨ ᠲᠠᠨᠢᠯᠴᠠᠭᠤᠯᠭ᠎ᠠ ᠶᠢ ᠲᠦ᠋ᠪᠯᠡᠷᠡᠨ ᠦᠵᠡᠪᠡ᠃ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ᠂ ᠡᠷᠬᠢᠯᠡᠭ᠍ᠴᠢ ᠡᠤ ᠴᠢᠩ ᠬᠠᠢ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠪᠦᠷᠢᠯᠳ᠋ᠤᠬᠦᠨ ᠭᠡᠰᠢᠬᠦᠨ ᠼᠦ᠋ᠢ ᠯᠸᠢ ᠯᠸᠢ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠠᠳ᠋ ᠡᠷᠬᠢᠯᠡᠭ᠍ᠴᠢ ᠶᠢᠨ ᠵᠢᠱᠢᠭ᠍ᠳ᠋ᠡᠭ᠍ᠴᠢ ᠵᠠᠩ ᠶᠦ᠋ᠩ ᠴᠢᠶᠠᠩ ᠵᠢᠴᠢ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠷᠢᠨ ᠪᠢᠴᠢᠭ᠌ ᠤᠨ ᠲᠠᠷᠤᠭ᠎ᠠ᠂ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠬᠦᠸᠸ ᠰᠤᠨᠢᠨ ᠮᠡᠳ᠋ᠡᠭᠡ ᠨᠡᠢ᠌ᠳ᠋ᠡᠯᠡᠬᠦ ᠬᠤᠷᠠᠯ ᠢ ᠦᠵᠡᠪᠡ᠃

ᠰᠤᠨᠢᠨ ᠮᠡᠳ᠋ᠡᠭᠡ ᠨᠡᠢ᠌ᠳ᠋ᠡᠯᠡᠬᠦ ᠬᠤᠷᠠᠯ ᠲᠠᠭᠡᠷ᠎ᠠ᠂ ᠦᠬᠦᠯᠡᠭ᠍ᠴᠢ ᠡᠴᠨ ᠨᠠᠮ ᠤᠨ ᠠᠷᠪᠠ ᠶᠢᠰᠤᠳ᠋ᠤᠭᠡᠷ ᠬᠤᠭᠤᠴᠠᠭᠠᠨ ᠤ ᠵᠢᠷᠭᠤᠳ᠋ᠤᠭᠠᠷ ᠪᠦᠬᠦᠳ᠋ᠠ ᠬᠤᠷᠠᠯ ᠤᠨ ᠴᠢᠬᠤᠯᠨ ᠦᠷ᠎ᠠ ᠪᠦᠳ᠋ᠤᠭᠡᠯ ᠪᠤᠯ 《ᠨᠠᠮ ᠤᠨ ᠵᠠᠭᠤᠨ ᠵᠢᠯ ᠤᠨ ᠲᠠᠮᠡᠴᠡᠯ ᠤᠨ ᠴᠢᠬᠤᠯᠨ ᠶᠡᠭᠡ ᠠᠮᠵᠢᠯᠳ᠋ᠠ ᠪᠠ ᠲᠠᠤᠭᠡ ᠶᠢᠨ ᠲᠤᠷᠰᠢᠯᠭ᠎ᠠ ᠶᠢᠨ ᠲᠤᠬᠠᠢ ᠨᠠᠮ ᠤᠨ ᠲᠦ᠋ᠪ ᠬᠤᠷᠢᠶᠠᠨ ᠤ ᠰᠢ᠌ᠳᠪᠤᠷᠢ 》 ᠶᠢ ᠬᠢᠨᠠᠵᠤ ᠵᠦ᠋ᠪᠰᠢᠶᠡᠷᠡᠭ᠍ᠰᠨᠨ ᠶᠠᠪᠤᠳ᠋ᠠᠯ ᠪᠤᠯᠤᠨ᠎ᠠ᠂ ᠲᠤᠰ ᠰᠢ᠌ᠳᠪᠤᠷᠢ ᠶᠢ 7 ᠭᠡᠰᠡᠭ᠌ ᠬᠤᠪᠢᠶᠠᠵᠤ᠂ ᠡᠨᠡ ᠨᠢ ᠪᠦᠬᠦ ᠨᠠᠮ ᠤᠨ ᠤᠶᠤᠨ ᠤᠬᠠᠭᠠᠨ ᠤ ᠤᠬᠢ ᠰᠤᠳ᠋ᠤ᠂ ᠰᠢ ᠵᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳ᠋ᠠᠳ᠋ᠤ ᠤᠯᠤᠰ ᠤᠨ ᠤᠨᠴᠠᠯᠢᠭ ᠲᠡᠶ ᠨᠡᠢ᠌ᠭᠡᠮ ᠵᠢᠷᠤᠮ ᠤᠨ ᠦᠵᠡᠯ ᠰᠠᠨᠠᠭ᠎ᠠ ᠶᠢ ᠲᠤᠳ᠋ᠤᠷᠬᠠᠢ᠌ᠯᠠᠵᠤ᠂ ᠮᠠᠷᠺᠰ ᠤᠨ ᠦᠵᠡᠯ ᠢ ᠲᠤᠮᠳ᠋ᠠᠳ᠋ᠤ ᠤᠯᠤᠰᠴᠢᠯᠠᠭᠰᠨᠨ ᠰᠢᠨ᠎ᠠ ᠦᠰᠤᠷᠤᠯᠳ᠋ᠠ ᠶᠢ ᠪᠠᠶᠡᠯᠡᠬᠦᠯᠪᠡ᠃ ᠨᠡᠮ ᠤᠨ ᠵᠠᠭᠤᠨ ᠵᠢᠯ ᠤᠨ ᠲᠠᠮᠡᠴᠡᠯ ᠤᠨ ᠴᠢᠬᠤᠯᠨ ᠶᠡᠭᠡ ᠠᠮᠵᠢᠯᠳ᠋ᠠ ᠪᠠ ᠲᠠᠤᠭᠡ ᠶᠢᠨ ᠲᠤᠷᠰᠢᠯᠭ᠎ᠠ ᠶᠢ ᠳ᠋ᠦ᠋ᠩᠨᠡᠵᠤ᠂ ᠨᠡᠢ᠌ᠭᠡᠮ ᠵᠢᠷᠤᠮ ᠤᠨ ᠰᠢᠨ᠎ᠠ ᠴᠠᠭ ᠦᠶ᠎ᠠ ᠭᠡᠬᠦ ᠡᠨᠡᠬᠦ ᠤᠨᠴᠠᠯᠢᠭ ᠢ ᠲᠤᠪᠤᠢ᠌ᠯᠭᠠᠪᠠ᠃

2 ᠴᠠᠭ ᠤᠷᠴᠢᠮ ᠤᠨ ᠰᠢᠭᠤᠤᠨ ᠨᠡᠪᠳ᠋ᠡᠷᠡᠬᠦᠯᠭᠡ ᠶᠢ ᠦᠵᠡᠭ᠍ᠰᠡᠨ ᠤ ᠲᠠᠷᠠᠭ᠎ᠠ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠵᠢᠴᠢ ᠪᠠᠢ᠌ᠭᠤᠯᠭ᠎ᠠ ᠶᠢᠨ ᠨᠠᠮ ᠤᠨ ᠭᠡᠰᠢᠬᠦᠨ ᠺᠠᠳ᠋ᠷ ᠢᠳ᠋ᠡᠭᠡᠯ ᠪᠢᠰᠢᠷᠡᠯ ᠶᠢᠡᠨ ᠨᠡᠩ ᠪᠠᠳ᠋ᠤᠳᠬᠠᠪᠠ᠃ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠶᠠᠭᠤ ᠪᠤᠯᠬᠤ᠂ ᠶᠠᠭᠤ ᠬᠢᠬᠦ ᠪᠤᠢ ᠭᠡᠳ᠋ᠡᠭ᠌ ᠦᠨᠳ᠋ᠤᠰᠤᠨ ᠠᠰᠠᠭᠤᠳ᠋ᠠᠯ ᠢ ᠪᠠᠳ᠋ᠤ ᠴᠡᠭᠡᠵᠢᠯᠡᠬᠦ ᠶᠢᠨ ᠬᠠᠮᠳ᠋ᠤ᠂ ᠬᠤᠢ᠌ᠰᠢᠳ᠋ᠠ ᠶᠢᠨ ᠠᠵᠢᠯ ᠲᠤᠮᠳ᠋ᠠ ᠨᠠᠮ ᠤᠨ ᠠᠷᠪᠠ ᠶᠢᠰᠤᠳ᠋ᠤᠭᠡᠷ ᠬᠤᠭᠤᠴᠠᠭᠠᠨ ᠤ ᠵᠢᠷᠭᠤᠳ᠋ᠤᠭᠠᠷ ᠪᠦᠬᠦᠳ᠋ᠠ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠨᠡᠩ ᠴᠤᠭ ᠪᠠᠳ᠋ᠠᠷᠠᠩᠭ᠋ᠤᠢ ᠲᠠᠮᠡᠴᠡᠯ ᠤᠨ ᠵᠤᠷᠢᠭ᠂ ᠨᠡᠩ ᠤᠷᠤᠭᠰᠢᠯᠠᠨ ᠲᠠᠪᠰᠢᠬᠤ ᠵᠤᠷᠢᠭ ᠰᠠᠨᠠᠭ᠎ᠠ᠂ ᠨᠡᠩ ᠯᠠᠪᠳ᠋ᠠᠭᠤᠨ ᠪᠠᠳ᠋ᠤᠳ᠋ᠠᠢ ᠠᠵᠢᠯᠯᠠᠬᠤ ᠤᠪᠤᠷ ᠶᠢᠡᠷ ᠬᠠᠤᠯᠢ ᠶᠤᠰᠤᠭᠠᠷ ᠲᠤᠰᠢᠶᠠᠯ ᠶᠢᠨ ᠬᠦᠢᠴᠡᠳᠭᠡᠨ᠂ ᠬᠢᠨᠠᠯᠳ᠋ᠠ ᠪᠠᠨ ᠴᠢᠩᠭ᠋ᠠᠳᠬᠠᠵᠤ᠂ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠴᠢᠳ᠋ᠠᠪᠤᠷᠢ ᠶᠢᠨ ᠤᠢ᠌ᠯᠡᠳ᠋ᠤᠯ ᠢ ᠰᠠᠢ᠌ᠳ᠋ᠤᠷ ᠪᠠᠳ᠋ᠠᠷᠠᠭᠤᠯᠤᠨ ᠭᠡᠷᠡᠭ᠍ᠵᠢᠬᠦᠯᠵᠤ᠂ ᠰᠢᠷᠭᠠᠬᠤ ᠠᠵᠢᠯᠯᠠᠨ᠂ ᠵᠤᠷᠢᠭᠳ᠋ᠠᠢ ᠪᠠᠷ ᠡᠬᠦᠳ᠋ᠤᠨ ᠨᠡᠭᠡᠭᠡᠵᠤ᠂ ᠪᠦᠬᠦ ᠬᠤᠰᠢᠭᠤᠨ ᠤ ᠠᠵᠤ ᠠᠬᠤᠢ ᠨᠡᠢ᠌ᠭᠡᠮ ᠤᠨ ᠦᠨᠳ᠋ᠤᠷ ᠴᠢᠨᠰᠠᠭᠠᠳ᠋ᠤ ᠬᠦᠭ᠍ᠵᠢᠯᠳ᠋ᠠ ᠳ᠋ᠥ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠬᠦᠴᠤᠨ ᠴᠢᠳ᠋ᠠᠯ ᠶᠢᠡᠨ ᠡᠷᠬᠦᠨ᠎ᠠ ᠭᠡᠵᠤ ᠢᠯᠡᠷᠭᠡᠢ᠌ᠯᠡᠵᠡᠭᠡᠪᠡ᠃
ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠬᠤᠳ᠋ᠠ ᠶᠢᠨ ᠨᠠᠮ ᠤᠨ ᠬᠤᠷᠢᠶᠠᠨ ᠤ ᠦᠨᠳ᠋ᠤᠰᠤᠳ᠋ᠠᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠪᠠ ᠪᠦᠬᠦ ᠬᠤᠰᠢᠭᠤᠨ ᠤ ᠭᠠᠮᠰᠢᠭ ᠢ ᠡᠰᠡᠷᠬᠦᠴᠡᠨ ᠭᠠᠮᠰᠢᠭ ᠢ ᠪᠠᠭᠠᠰᠬᠠᠬᠤ ᠵᠢᠴᠢ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠤᠨ ᠪᠠᠢ᠌ᠷᠢᠯᠠᠭᠤᠯᠤᠯᠳ᠋ᠠ ᠶᠢᠨ ᠲᠦ᠋ᠷᠰᠤ ᠰᠢᠩᠭᠡᠭᠡᠯᠳ᠋ᠠ ᠶᠢᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ (ᠳ᠋ᠠᠢ ᠰᠢᠶᠦ᠋ᠩ)