ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠬᠠᠷᠢᠭᠤᠴᠠᠯᠭᠠᠳ᠋ᠠᠨ ᠬᠤᠯᠪᠤᠭᠠᠯᠠᠨ ᠲᠠᠭᠠᠭᠠᠴᠢᠯᠠᠭᠰᠨᠨ ᠭᠠᠵᠠᠷ ᠤᠷᠤᠨ ᠤ ᠠᠵᠢᠯ ᠢ ᠪᠠᠢ᠌ᠴᠠᠭᠠᠨ ᠵᠢᠯᠤᠭᠤᠳᠪᠠ

11 ᠰᠠᠷ᠎ᠠ ᠶᠢᠨ14 ᠤ ᠡᠳ᠋ᠤᠷ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠷᠢᠨ ᠪᠢᠴᠢᠭ᠌ ᠤᠨ ᠲᠠᠷᠤᠭ᠎ᠠ᠂ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠬᠦᠸᠸ ᠪᠠᠶᠠᠷᠳ᠋ᠤᠬᠤᠰᠢᠭᠤ ᠪᠠᠯᠭᠠᠰᠤᠨ ᠳ᠋ᠥ ᠬᠦᠷᠴᠤ᠂ ᠭᠠᠮᠰᠢᠭ ᠢ ᠰᠡᠷᠭᠡᠢ᠌ᠯᠡᠨ ᠭᠠᠮᠰᠢᠭ ᠢ ᠪᠠᠭᠠᠰᠬᠠᠬᠤ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠪᠠ ᠡᠪᠤᠯ ᠤᠨ ᠤᠯᠠᠷᠢᠯ ᠤᠨ ᠮᠠᠯ ᠠᠵᠤ ᠠᠬᠤᠢ ᠶᠢᠨ ᠤᠢ᠌ᠯᠡᠳᠪᠤᠷᠢᠯᠡᠯ ᠤᠨ ᠪᠠᠢ᠌ᠳ᠋ᠠᠯ ᠵᠢᠴᠢ ᠭᠠᠴᠠᠭ᠎ᠠ ᠳ᠋ᠥ ᠰᠠᠭᠤᠭ᠎ᠠ ᠠᠵᠢᠯᠯᠠᠬᠤ ᠠᠩᠬᠢ ᠶᠢᠨ ᠠᠵᠢᠯ ᠦᠷᠨᠢᠬᠦᠯᠦᠭ᠍ᠰᠨᠨ ᠪᠠᠢ᠌ᠳ᠋ᠠᠯ ᠢ ᠪᠠᠢ᠌ᠴᠠᠭᠠᠨ ᠵᠢᠯᠤᠭᠤᠳᠪᠠ᠃
ᠪᠠᠶᠠᠷᠳ᠋ᠤᠬᠤᠰᠢᠭᠤ ᠪᠠᠯᠭᠠᠰᠤᠨ ᠤ ᠪᠠᠶᠠᠷᠳ᠋ᠤᠬᠤᠰᠢᠭᠤ ᠭᠠᠴᠠᠭ᠎ᠠ ᠳ᠋ᠥ᠂ ᠯᠢ ᠴᠸᠩ ᠬᠦᠸᠸ ᠨᠡᠷ ᠠᠵᠢᠯ ᠦᠷᠨᠢᠬᠦᠯᠦᠭ᠍ᠰᠨᠨ ᠪᠠᠢ᠌ᠳ᠋ᠠᠯ ᠤᠨ ᠲᠠᠨᠢᠯᠴᠠᠭᠤᠯᠭ᠎ᠠ ᠪᠠ ᠲᠤᠬᠠᠢ ᠶᠢᠨ ᠭᠠᠵᠠᠷ ᠶᠢᠡᠷ ᠶᠠᠪᠤᠵᠤ ᠠᠰᠠᠭᠤᠨ ᠯᠠᠪᠯᠠᠬᠤ ᠭᠡᠯᠪᠡᠷᠢ ᠪᠠᠷ ᠪᠦᠬᠦ ᠪᠠᠯᠭᠠᠰᠤᠨ ᠤ ᠭᠠᠮᠰᠢᠭ ᠢ ᠰᠡᠷᠭᠡᠢ᠌ᠯᠡᠨ ᠭᠠᠮᠰᠢᠭ ᠢ ᠪᠠᠭᠠᠰᠬᠠᠬᠤ ᠳ᠋ᠥ ᠠᠪᠤᠭᠰᠨᠨ ᠠᠷᠭ᠎ᠠ ᠠᠪᠴᠠᠯ ᠪᠠ ᠲᠠᠷᠢᠶᠠᠴᠢᠨ ᠮᠠᠯᠴᠢᠨ ᠤ ᠤᠢ᠌ᠯᠡᠳᠪᠤᠷᠢᠯᠡᠯ ᠠᠮᠢᠳ᠋ᠤᠷᠠᠯ ᠤᠨ ᠪᠠᠢ᠌ᠳ᠋ᠠᠯ᠂ ᠮᠠᠯᠴᠢᠳ ᠤᠨ ᠡᠪᠡᠰᠤ ᠪᠤᠷᠳ᠋ᠤᠭ᠎ᠠ ᠨᠦ᠋ᠭᠡᠴᠡᠯᠡᠨ ᠪᠠᠯᠡᠳᠭᠡᠭ᠍ᠰᠨᠨ ᠪᠠᠢ᠌ᠳ᠋ᠠᠯ ᠢ ᠨᠠᠷᠢᠯᠢᠭ ᠤᠢ᠌ᠯᠠᠭᠠᠪᠠ᠃ ᠯᠢ ᠴᠸᠩ ᠬᠦᠸᠸ᠂ ᠲᠠᠭᠡᠷ᠎ᠠ ᠱᠠᠳ᠋ᠤᠨ ᠤ ᠭᠠᠮᠰᠢᠭ ᠢ ᠰᠡᠷᠭᠡᠢ᠌ᠯᠡᠨ ᠭᠠᠮᠰᠢᠭ ᠢ ᠪᠠᠭᠠᠰᠬᠠᠵᠤ ᠭᠠᠮᠰᠢᠭ ᠢ ᠡᠰᠡᠷᠬᠦᠴᠡᠬᠦ ᠠᠵᠢᠯ ᠤᠨ ᠱᠠᠭᠠᠷᠳ᠋ᠠᠯᠭ᠎ᠠ ᠪᠠ ᠵᠢᠭᠠᠪᠤᠷᠢ ᠶᠢᠨ ᠵᠤᠷᠢᠭ ᠰᠠᠨᠠᠭ᠎ᠠ ᠶᠢ ᠴᠢᠩᠭ᠎ᠠ ᠵᠢᠷᠤᠮᠯᠠᠨ᠂ ᠠᠷᠠᠳ ᠲᠦ᠋ᠮᠨᠨ ᠠᠯᠢᠪᠡ ᠡᠴᠨ ᠡᠷᠬᠢᠮ᠂ ᠠᠮᠢ ᠨᠠᠰᠤ ᠠᠯᠢᠪᠡ ᠡᠴᠨ ᠡᠷᠬᠢᠮ ᠭᠡᠳ᠋ᠡᠭ᠌ ᠢ ᠪᠠᠷᠢᠮᠳ᠋ᠠᠯᠠᠵᠤ᠂ ᠲᠦ᠋ᠷᠭᠡᠨ ᠬᠦᠳ᠋ᠡᠯᠤᠯᠴᠡᠨ᠂ ᠨᠠᠷᠢᠯᠢᠭ ᠲᠤᠬᠢᠷᠠᠭᠤᠯᠵᠤ᠂ ᠴᠠᠭ ᠠᠭᠤᠷ ᠤᠨ ᠪᠠᠢ᠌ᠳ᠋ᠠᠯ ᠢ ᠴᠠᠭ ᠢᠮᠠᠭᠳ᠋ᠠ ᠠᠩᠬᠠᠷᠤᠨ᠂ ᠪᠠᠴᠢᠮ ᠪᠠᠢ᠌ᠳ᠋ᠠᠯ ᠢ ᠠᠷᠭᠠᠴᠠᠬᠤ ᠲᠦ᠋ᠰᠤᠪ ᠤᠨ ᠬᠦᠢᠴᠡᠳᠭᠡᠬᠦ ᠬᠦᠴᠤᠨ ᠢ ᠴᠢᠩᠭ᠋ᠠᠷᠠᠭᠤᠯᠵᠤ᠂ ᠴᠠᠰᠤᠨ ᠤ ᠪᠠᠢ᠌ᠳ᠋ᠠᠯ ᠭᠠᠮᠰᠢᠭ ᠤᠨ ᠪᠠᠢ᠌ᠳ᠋ᠠᠯ ᠠᠷᠠᠳ ᠤᠨ ᠪᠠᠢ᠌ᠳ᠋ᠠᠯ ᠢ ᠴᠠᠭ ᠲᠤᠬᠠᠢ ᠳ᠋ᠤᠨᠢ ᠤᠢ᠌ᠯᠠᠭᠠᠵᠤ ᠡᠵᠡᠮᠰᠢᠨ᠂ ᠲᠤᠰ ᠡᠪᠤᠯ ᠢᠷᠡᠬᠦ ᠬᠠᠪᠤᠷ ᠤᠨ ᠡᠪᠡᠰᠤ ᠪᠤᠷᠳ᠋ᠤᠭ᠎ᠠ ᠶᠢᠨ ᠨᠦ᠋ᠭᠡᠴᠨ᠂ ᠵᠦ᠋ᠭᠡᠭᠡᠪᠤᠷᠢᠯᠡᠬᠦ ᠵᠡᠷᠭᠡ ᠠᠵᠢᠯ ᠤᠨ ᠭᠡᠪ ᠤᠨ ᠶᠤᠰᠤᠭᠠᠷ ᠰᠠᠢ᠌ᠳ᠋ᠤᠷ ᠬᠢᠬᠦ ᠶᠢ ᠪᠠᠳ᠋ᠤᠯᠠᠵᠤ᠂ ᠪᠦᠬᠦ ᠪᠠᠯᠭᠠᠰᠤᠨ ᠤ ᠭᠠᠮᠰᠢᠭ ᠢ ᠰᠡᠷᠭᠡᠢ᠌ᠯᠡᠨ ᠭᠠᠮᠰᠢᠭ ᠢ ᠡᠰᠡᠷᠬᠦᠴᠡᠨ ᠭᠠᠮᠰᠢᠭ ᠢ ᠪᠠᠭᠠᠰᠬᠠᠬᠤ ᠡᠯ᠎ᠠ ᠵᠤᠢ᠌ᠯ ᠤᠨ ᠠᠵᠢᠯ ᠢ ᠪᠦᠬᠦ ᠬᠦᠴᠤᠨ ᠶᠢᠡᠷ ᠰᠠᠢ᠌ᠳ᠋ᠤᠷ ᠬᠢᠬᠦ ᠭᠡᠷᠡᠭ᠍ᠳ᠋ᠡᠢ᠃ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠠᠵᠢᠯ ᠢ ᠬᠦᠨᠳ᠋ᠤᠳᠭᠡᠨ ᠦᠵᠡᠵᠤ᠂ ᠭᠤᠷᠪᠠᠳ᠋ᠤᠭᠠᠷ ᠲᠠᠷᠢᠯᠭ᠎ᠠ ᠪᠠ 3 ᠡᠴᠨ 11 ᠨᠠᠰᠤᠨ ᠤ ᠭᠡᠤᠭᠡᠳ ᠤᠨ ᠲᠠᠷᠢᠯᠭ᠎ᠠ ᠲᠠᠷᠢᠬᠤ ᠠᠵᠢᠯ ᠢ ᠰᠠᠢ᠌ᠳ᠋ᠤᠷ ᠬᠢᠵᠤ᠂ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠡᠯ᠎ᠠ ᠵᠤᠢ᠌ᠯ ᠤᠨ ᠠᠵᠢᠯ ᠢ ᠢᠳ᠋ᠡᠪᠬᠢᠳ᠋ᠠᠢ ᠲᠦ᠋ᠯᠬᠢᠨ ᠠᠬᠢᠭᠤᠯᠬᠤ ᠭᠡᠷᠡᠭ᠍ᠳ᠋ᠡᠢ ᠭᠡᠵᠤ ᠱᠠᠭᠠᠷᠳ᠋ᠠᠵᠠᠢ᠃

ᠯᠢ ᠴᠸᠩ ᠬᠦᠸᠸ ᠬᠤᠪᠤᠯᠳ᠋ᠤ ᠭᠠᠴᠠᠭᠠᠨ ᠳ᠋ᠥ ᠪᠠᠢ᠌ᠭᠤᠯᠭ᠎ᠠ ᠶᠢᠨ ᠭᠠᠴᠠᠭ᠎ᠠ ᠳ᠋ᠥ ᠰᠠᠭᠤᠭ᠎ᠠ ᠠᠵᠢᠯᠯᠠᠬᠤ ᠠᠩᠬᠢ ᠶᠢᠨ ᠬᠠᠷᠢᠭᠤᠴᠠᠯᠭᠠᠳ᠋ᠠᠨ ᠲᠡᠶ ᠬᠦᠨᠵᠡᠭᠡᠢ ᠰᠠᠨᠠᠯ ᠰᠤᠯᠢᠯᠴᠠᠨ ᠠᠵᠢᠯ ᠦᠷᠨᠢᠬᠦᠯᠦᠭ᠍ᠰᠨᠨ ᠪᠠᠢ᠌ᠳ᠋ᠠᠯ ᠪᠠ ᠭᠠᠴᠠᠭ᠎ᠠ ᠳ᠋ᠥ ᠰᠠᠭᠤᠭ᠎ᠠ ᠠᠵᠢᠯᠯᠠᠬᠤ ᠠᠩᠬᠢ ᠶᠢᠨ ᠭᠡᠰᠢᠬᠦᠤᠨ ᠤᠨ ᠠᠮᠢᠳ᠋ᠤᠷᠠᠯ ᠤᠨ ᠪᠠᠢ᠌ᠳ᠋ᠠᠯ ᠢ ᠨᠠᠷᠢᠯᠢᠭ ᠤᠢ᠌ᠯᠠᠭᠠᠬᠤ ᠶᠢᠨ ᠬᠠᠮᠳ᠋ᠤ᠂ ᠠᠵᠢᠯᠯᠠᠬᠤ ᠠᠩᠬᠢ ᠶᠢᠨ ᠬᠢᠨ ᠳ᠋ᠥ ᠲᠤᠬᠤᠨᠢᠭᠤᠯᠬᠤ ᠪᠤᠳ᠋ᠠᠰ ᠬᠦᠷᠭᠡᠪᠡ᠃ ᠯᠢ ᠴᠸᠩ ᠬᠦᠸᠸ ᠭᠠᠴᠠᠭ᠎ᠠ ᠳ᠋ᠥ ᠰᠠᠭᠤᠭ᠎ᠠ ᠠᠵᠢᠯᠯᠠᠬᠤ ᠠᠩᠬᠢ ᠶᠢᠨ ᠬᠢᠨ ᠬᠠᠷᠢᠭᠤᠴᠠᠯᠭᠠᠳ᠋ᠤ ᠤᠬᠠᠮᠰᠠᠷ ᠪᠠ ᠶᠡᠭᠡ ᠲᠠᠯ᠎ᠠ ᠶᠢᠨ ᠤᠬᠠᠮᠰᠠᠷ ᠶᠢᠡᠨ ᠪᠠᠳ᠋ᠤ ᠪᠠᠬᠢ ᠪᠤᠢ ᠪᠤᠯᠭᠠᠵᠤ᠂ ᠦᠵᠡᠯ ᠰᠠᠨᠠᠭ᠎ᠠ ᠪᠠ ᠠᠵᠢᠯᠯᠠᠭ᠎ᠠ ᠪᠠᠨ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠤᠷᠳ᠋ᠤᠨ ᠤ ᠰᠢ᠌ᠳᠪᠤᠷᠢᠳ᠋ᠤ ᠪᠤᠳ᠋ᠤᠯᠭ᠎ᠠ ᠶᠢᠨ ᠪᠠᠢ᠌ᠷᠢᠯᠠᠭᠤᠯᠤᠯᠳ᠋ᠠ ᠪᠠ ᠱᠠᠭᠠᠷᠳ᠋ᠠᠯᠭ᠎ᠠ ᠲᠡᠶ ᠨᠢᠭᠡᠳᠭᠡᠬᠦ ᠭᠡᠷᠡᠭ᠍ᠳ᠋ᠡᠢ᠃ ᠤᠨᠴᠠᠭᠠᠢ᠌ᠯᠠᠨ᠂ ᠭᠠᠴᠠᠭ᠎ᠠ ᠳ᠋ᠥ ᠰᠠᠭᠤᠭ᠎ᠠ ᠠᠵᠢᠯᠯᠠᠬᠤ ᠠᠩᠬᠢ ᠶᠢᠨ ᠬᠢᠨ ᠡᠴᠨ ᠡᠪᠤᠯ ᠤᠨ ᠤᠯᠠᠷᠢᠯ ᠤᠨ ᠬᠠᠬᠢᠷ ᠬᠦᠢᠳ᠋ᠡᠨ ᠳ᠋ᠥ ᠬᠦᠴᠢᠷᠳ᠋ᠠᠢ ᠤᠯᠠᠨ ᠲᠦ᠋ᠮᠨᠨ ᠢ ᠢᠯᠡᠬᠦᠤ ᠠᠩᠬᠠᠷᠤᠨ ᠬᠠᠯᠠᠮᠵᠢᠯᠠᠵᠤ᠂ ᠬᠠᠢ᠌ᠷ᠎ᠠ ᠬᠠᠯᠠᠮᠵᠢ ᠬᠦᠷᠭᠡᠬᠦ ᠠᠵᠢᠯ ᠢ ᠰᠠᠢ᠌ᠳ᠋ᠤᠷ ᠬᠢᠵᠤ᠂ ᠠᠮᠢᠳ᠋ᠤᠷᠠᠯ ᠬᠦᠴᠢᠷᠳ᠋ᠠᠢ ᠤᠯᠠᠨ ᠲᠦ᠋ᠮᠨᠨ ᠳ᠋ᠥ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳ᠋ᠤᠨ ᠤ ᠬᠠᠢ᠌ᠷ᠎ᠠ ᠬᠠᠯᠠᠮᠵᠢ ᠶᠢ ᠬᠦᠷᠳ᠋ᠡᠬᠦᠯᠵᠤ᠂ ᠭᠠᠴᠠᠭ᠎ᠠ ᠳ᠋ᠥ ᠰᠠᠭᠤᠭ᠎ᠠ ᠠᠵᠢᠯᠯᠠᠬᠤ ᠠᠩᠬᠢ ᠶᠢᠨ ᠠᠵᠢᠯ ᠤᠨ ᠦᠨᠡᠨ ᠪᠤᠳ᠋ᠠᠳ᠋ᠠᠢ ᠦᠷ᠎ᠠ ᠪᠦᠳ᠋ᠤᠮᠵᠢ ᠤᠯᠬᠤ ᠶᠢ ᠪᠠᠳ᠋ᠤᠯᠠᠬᠤ ᠭᠡᠷᠡᠭ᠍ᠳ᠋ᠡᠢ ᠭᠡᠵᠤ ᠴᠢᠬᠤᠯᠠᠴᠢᠯᠠᠵᠠᠢ᠃ (ᠳ᠋ᠠᠢ ᠰᠢᠶᠦ᠋ᠩ)