ᠤᠳᠤ ᠶᠢᠨ ᠪᠠᠢ᠌ᠷᠢ᠄ ᠪᠠᠢ᠌ᠩᠭᠤ ᠶᠢᠨ ᠬᠤᠷᠢᠶᠠᠨ ᠤ ᠠᠵᠢᠯ → ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠡᠴᠨ ᠪᠦᠬᠦ ᠬᠤᠰᠢᠭᠤᠨ ᠤ ᠬᠤᠳ᠋ᠠ ᠪᠠᠯᠭᠠᠰᠤ ᠶᠢᠨ ᠰᠠᠭᠤᠭᠤᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠤᠨ ᠰᠠᠭᠤᠷᠢ ᠮᠦ᠋ᠩᠬᠦ ᠶᠢᠨ ᠬᠠᠮᠢᠶᠠᠷᠤᠯᠳ᠋ᠠ ᠶᠢᠨ ᠠᠵᠢᠯᠯᠠᠭᠠᠨ ᠤ ᠪᠠᠢ᠌ᠳ᠋ᠠᠯ ᠳ᠋ᠥ ᠲᠤᠰᠠᠬᠠᠢ ᠰᠡᠳ᠋ᠤᠪᠳ᠋ᠤ ᠪᠠᠢ᠌ᠴᠠᠭᠠᠨ ᠰᠤᠳ᠋ᠤᠯᠤᠯᠳ᠋ᠠ ᠬᠢᠪᠡ

              

             11 ᠰᠠᠷ᠎ᠠ ᠶᠢᠨ19 ᠤ ᠡᠳ᠋ᠤᠷ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠭᠡᠰᠢᠬᠦᠨ᠂ ᠲᠠᠳ᠋ ᠡᠷᠬᠢᠯᠡᠭ᠍ᠴᠢ ᠶᠢᠨ ᠵᠢᠱᠢᠭ᠍ᠳ᠋ᠡᠭ᠍ᠴᠢ ᠪᠤᠤ ᠯᠦ᠋ᠩ ᠪᠠᠢ᠌ᠴᠠᠭᠠᠨ ᠰᠤᠳ᠋ᠤᠯᠬᠤ ᠲᠤᠭᠤᠢ᠌ᠯᠠᠩ ᠢ ᠲᠠᠭᠠᠭᠤᠯᠵᠤ᠂ ᠪᠦᠬᠦ ᠬᠤᠰᠢᠭᠤᠨ ᠤ ᠬᠤᠳ᠋ᠠ ᠪᠠᠯᠭᠠᠰᠤ ᠶᠢᠨ ᠰᠠᠭᠤᠭᠤᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠤᠨ ᠰᠠᠭᠤᠷᠢ ᠮᠦ᠋ᠩᠬᠦ ᠶᠢᠨ ᠬᠠᠮᠢᠶᠠᠷᠤᠯᠳ᠋ᠠ ᠶᠢᠨ ᠠᠵᠢᠯᠯᠠᠭᠠᠨ ᠤ ᠪᠠᠢ᠌ᠳ᠋ᠠᠯ ᠳ᠋ᠥ ᠲᠤᠰᠠᠬᠠᠢ ᠰᠡᠳ᠋ᠤᠪᠳ᠋ᠤ ᠪᠠᠢ᠌ᠴᠠᠭᠠᠨ ᠰᠤᠳ᠋ᠤᠯᠤᠯᠳ᠋ᠠ ᠬᠢᠪᠡ᠃ ᠬᠤᠰᠢᠭᠤᠨ ᠲᠠᠳ᠋ ᠲᠠᠷᠤᠭ᠎ᠠ ᠶᠠᠩ ᠼᠠᠢ ᠰᠢᠶᠠ ᠵᠢᠴᠢ ᠬᠠᠮᠢᠶ᠎ᠠ ᠪᠦᠬᠦᠢ ᠪᠠᠢ᠌ᠭᠤᠯᠭ᠎ᠠ ᠶᠢᠨ ᠬᠠᠷᠢᠭᠤᠴᠠᠯᠭᠠᠳ᠋ᠠᠨ ᠤᠷᠤᠯᠴᠠᠪᠠ᠃

              

              ᠪᠠᠢ᠌ᠴᠠᠭᠠᠨ ᠰᠤᠳ᠋ᠤᠯᠬᠤ ᠲᠤᠭᠤᠢ᠌ᠯᠠᠩ ᠤᠨ ᠬᠢᠨ ᠤᠷᠢᠳ ᠬᠤᠵᠢᠳ ᠯᠦ᠋ᠪᠸᠢ ᠪᠠᠯᠭᠠᠰᠤᠨ ᠤ ᠵᠠᠰᠠᠭ ᠤᠨ ᠤᠷᠳ᠋ᠤᠨ᠂ ᠴᠡᠭ᠌ ᠲᠤᠭᠳ᠋ᠠᠭᠠᠭᠰᠨᠨ ᠵᠢᠵᠢᠭᠯᠡᠨ ᠬᠤᠳ᠋ᠠᠯᠳ᠋ᠤᠬᠤ ᠡᠮ ᠤᠨ ᠲᠠᠯᠭᠡᠬᠦᠷ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠡᠮ ᠡᠮᠨᠡᠯᠭᠡ ᠶᠢᠨ ᠲᠠᠭᠠᠳᠬᠠᠯ ᠤᠨ ᠤᠢ᠌ᠯᠡᠴᠢᠯᠡᠭᠡᠨ ᠤ ᠶᠡᠭᠡ ᠲᠢᠩᠬᠢᠮ ᠵᠡᠷᠭᠡ ᠭᠠᠵᠠᠷ ᠶᠢᠡᠷ ᠬᠦᠷᠴᠤ᠂ ᠲᠤᠬᠠᠢ ᠶᠢᠨ ᠭᠠᠵᠠᠷ ᠲᠣ ᠪᠠᠢ᠌ᠴᠠᠭᠠᠨ ᠦᠵᠡᠬᠦ᠂ ᠰᠠᠭᠤᠳ᠋ᠠᠯ ᠤᠨ ᠬᠤᠷᠠᠯ ᠬᠤᠷᠠᠯᠳ᠋ᠤᠭᠤᠯᠬᠤ᠂ ᠠᠵᠢᠯ ᠤᠨ ᠮᠡᠳ᠋ᠡᠬᠦᠯᠤᠯᠳ᠋ᠠ ᠰᠤᠨᠤᠰᠬᠤ ᠵᠡᠷᠭᠡ ᠭᠡᠯᠪᠡᠷᠢ ᠪᠠᠷ ᠲᠠᠮᠵᠢᠨ᠂ ᠡᠮ ᠡᠮᠨᠡᠯᠭᠡ ᠶᠢᠨ ᠲᠠᠭᠠᠳᠬᠠᠯ ᠤᠨ ᠰᠠᠭᠤᠷᠢ ᠮᠦ᠋ᠩᠬᠦ ᠶᠢᠨ ᠬᠠᠮᠢᠶᠠᠷᠤᠯᠳ᠋ᠠ᠂ ᠭᠡᠷᠡᠭᠯᠡᠯᠳ᠋ᠠ ᠶᠢᠨ ᠪᠠᠢ᠌ᠳ᠋ᠠᠯ ᠪᠠ ᠡᠮ ᠡᠮᠨᠡᠯᠭᠡ ᠶᠢᠨ ᠪᠠᠳ᠋ᠤᠯᠠᠭ᠎ᠠ ᠶᠢᠨ ᠲᠦ᠋ᠷᠢᠮ ᠤᠨ ᠲᠦ᠋ᠷᠤ ᠶᠢᠨ ᠪᠤᠳ᠋ᠤᠯᠭ᠎ᠠ ᠶᠢ ᠨᠠᠢ᠌ᠳ᠋ᠠᠪᠤᠷᠢᠵᠢᠭᠤᠯᠤᠭᠰᠨᠨ ᠪᠠᠢ᠌ᠳ᠋ᠠᠯ᠂ ᠡᠮ ᠡᠮᠨᠡᠯᠭᠡ ᠶᠢᠨ ᠲᠠᠭᠠᠳᠬᠠᠯ ᠤᠨ ᠰᠠᠭᠤᠷᠢ ᠮᠦ᠋ᠩᠬᠦ ᠶᠢᠨ ᠬᠠᠮᠢᠶᠠᠷᠤᠯᠳ᠋ᠠ ᠵᠢᠴᠢ ᠭᠡᠷᠡᠭᠯᠡᠯᠳ᠋ᠠ ᠶᠢᠨ ᠲᠤᠯᠭᠠᠷᠠᠵᠤ ᠪᠠᠢ᠌ᠭ᠎ᠠ ᠠᠰᠠᠭᠤᠳ᠋ᠠᠯ ᠪᠠ ᠬᠦᠴᠢᠷᠳ᠋ᠠᠯ ᠢ ᠨᠠᠷᠢᠯᠢᠭ ᠤᠢ᠌ᠯᠠᠭᠠᠬᠤ ᠶᠢᠨ ᠬᠠᠮᠳ᠋ᠤ᠂ ᠬᠠᠨᠳ᠋ᠤᠯᠭᠠᠳ᠋ᠤ ᠴᠢᠨᠠᠷᠳ᠋ᠠᠢ ᠰᠠᠨᠠᠯ ᠰᠠᠨᠠᠭᠤᠯᠭ᠎ᠠ ᠲᠤᠷᠠᠳᠪᠠ᠃

            

            ᠪᠠᠢ᠌ᠴᠠᠭᠠᠨ ᠰᠤᠳ᠋ᠤᠯᠬᠤ ᠲᠤᠭᠤᠢ᠌ᠯᠠᠩ ᠤᠨ ᠬᠢᠨ ᠡᠴᠨ᠂ ᠦᠨᠳ᠋ᠤᠰᠤᠨ ᠡᠮ ᠡᠮᠨᠡᠯᠭᠡ ᠶᠢᠨ ᠪᠠᠳ᠋ᠤᠯᠠᠭ᠎ᠠ ᠶᠢᠨ ᠰᠠᠭᠤᠷᠢ ᠮᠦ᠋ᠩᠬᠦ ᠪᠤᠯ ᠠᠷᠠᠳ ᠤᠯᠨᠨ ᠤ ᠴᠢᠬᠤᠯᠨ ᠠᠷᠠᠳ ᠤᠨ ᠠᠮᠢᠳ᠋ᠤᠷᠠᠯ ᠤᠨ ᠪᠠᠳ᠋ᠤᠯᠠᠭ᠎ᠠ ᠶᠢᠨ ᠰᠠᠭᠤᠷᠢ ᠮᠦ᠋ᠩᠬᠦ ᠪᠤᠯᠤᠨ᠎ᠠ᠂ ᠪᠠᠰᠨ ᠠᠷᠠᠳ ᠤᠯᠨᠨ ᠤ ᠠᠩᠬᠠᠷᠴᠤ ᠪᠠᠢ᠌ᠭ᠎ᠠ ᠴᠢᠬᠤᠯᠨ ᠶᠡᠭᠡ ᠶᠠᠪᠤᠳ᠋ᠠᠯ ᠮᠦ᠋ᠨ᠃ ᠡᠯ᠎ᠠ ᠬᠠᠮᠢᠶ᠎ᠠ ᠪᠦᠬᠦᠢ ᠰᠠᠯᠠᠭ᠎ᠠ ᠮᠦ᠋ᠴᠢᠷ ᠣᠳ ᠤᠬᠠᠭᠤᠯᠭ᠎ᠠ ᠪᠠᠨ ᠴᠢᠩᠭ᠋ᠠᠳᠬᠠᠵᠤ᠂ ᠡᠮ ᠡᠮᠨᠡᠯᠭᠡ ᠶᠢᠨ ᠲᠠᠭᠠᠳᠬᠠᠯ ᠤᠨ ᠰᠤᠢ᠌ᠳᠭᠡᠯ ᠶᠢᠡᠨ ᠲᠤᠰᠢᠶᠠᠬᠤ ᠤᠬᠠᠮᠰᠠᠷ ᠢ ᠴᠢᠩᠭ᠋ᠠᠷᠠᠭᠤᠯᠤᠨ᠂ ᠦᠷᠭᠡᠨ ᠤᠯᠠᠨ ᠰᠠᠭᠤᠭᠤᠯᠢ ᠠᠷᠠᠳ ᠤᠨ ᠲᠠᠭᠠᠳᠬᠠᠯ ᠳ᠋ᠥ ᠤᠷᠤᠯᠴᠠᠬᠤ ᠤᠬᠠᠮᠰᠠᠷ ᠪᠠ ᠡᠮᠴᠢᠯᠡᠭᠡᠨ ᠤ ᠲᠦ᠋ᠭ᠍ᠰᠢᠬᠦᠷᠢ ᠶᠢ ᠰᠡᠷᠭᠡᠢ᠌ᠯᠡᠬᠦ ᠤᠬᠠᠮᠰᠠᠷ ᠢ ᠲᠠᠭᠡᠭ᠍ᠰᠢᠯᠡᠬᠦᠯᠵᠤ᠂ ᠲᠠᠳ᠋ᠠᠪᠤᠷᠢᠯᠠᠨ ᠲᠤᠰᠢᠶᠠᠬᠤ ᠶᠢᠨ ᠬᠠᠮᠤᠷᠬᠤ ᠭᠡᠪᠴᠢᠶ᠎ᠠ ᠶᠢ ᠲᠠᠰᠤᠷᠠᠯᠳ᠋ᠠ ᠦᠭᠡᠶ ᠦᠷᠭᠡᠳᠭᠡᠨ᠂ 《ᠪᠠᠳ᠋ᠤᠯᠠᠪᠠᠰᠤ ᠵᠤᠬᠢᠬᠤ ᠶᠢ ᠨᠢ ᠪᠦᠬᠦᠨ ᠢ ᠪᠠᠳ᠋ᠤᠯᠠᠬᠤ》 ᠶᠢ ᠪᠠᠶᠠᠯᠡᠬᠦᠯᠬᠦ ᠭᠡᠷᠡᠭ᠍ᠳ᠋ᠡᠢ᠃ ᠡᠮ ᠡᠮᠨᠡᠯᠭᠡ ᠶᠢᠨ ᠲᠠᠭᠠᠳᠬᠠᠯ ᠤᠨ ᠰᠠᠭᠤᠷᠢ ᠮᠦ᠋ᠩᠬᠦ ᠶᠢ ᠵᠢᠷᠤᠮᠵᠢᠬᠦᠯᠤᠨ ᠭᠡᠷᠡᠭᠯᠡᠬᠦ ᠶᠢ ᠠᠬᠢᠭᠤᠯᠵᠤ᠂ ᠡᠮᠴᠢᠯᠡᠭᠡᠨ ᠤ ᠲᠠᠭᠠᠳᠬᠠᠯ ᠤᠨ ᠰᠠᠭᠤᠷᠢ ᠮᠦ᠋ᠩᠬᠦ ᠶᠢ ᠨᠢᠭᠡᠳ᠋ᠤᠯᠳ᠋ᠠᠢ ᠲᠦ᠋ᠯᠤᠪᠵᠢᠬᠦᠯᠤᠨ ᠲᠤᠬᠢᠷᠠᠭᠤᠯᠬᠤ ᠪᠠ ᠬᠢᠨᠠᠨ ᠬᠠᠮᠢᠶᠠᠷᠬᠤ ᠠᠵᠢᠯ ᠢ ᠰᠠᠢ᠌ᠳ᠋ᠤᠷ ᠬᠢᠵᠤ᠂ ᠡᠮᠴᠢᠯᠡᠭᠡᠨ ᠤ ᠲᠠᠭᠠᠳᠬᠠᠯ ᠤᠨ ᠰᠠᠭᠤᠷᠢ ᠮᠦ᠋ᠩᠬᠦ ᠶᠢ ᠬᠠᠮᠢᠶᠠᠷᠴᠤ ᠭᠡᠷᠡᠭᠯᠡᠬᠦ ᠦᠷ᠎ᠠ ᠪᠦᠳ᠋ᠤᠮᠵᠢ ᠶᠢ ᠲᠠᠰᠤᠷᠠᠯᠳ᠋ᠠ ᠦᠭᠡᠶ ᠲᠠᠭᠡᠭ᠍ᠰᠢᠯᠡᠬᠦᠯᠬᠦ ᠭᠡᠷᠡᠭ᠍ᠳ᠋ᠡᠢ ᠭᠡᠵᠤ ᠵᠢᠭᠠᠵᠤ ᠭᠠᠷᠭᠠᠪᠠ᠃ (ᠳ᠋ᠠᠢ ᠰᠢᠶ‍ᠦ᠋ᠩ)

ᠡᠮᠦᠨᠡᠬᠢ᠄ ᠵᠠᠷᠤᠤᠨ ᠬᠤᠰᠢᠭᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠰᠤᠩᠭ᠋ᠤᠭᠤᠯᠢ ᠶᠢᠨ ᠬᠢᠨᠠᠨ ᠵᠢᠯᠤᠭᠤᠳᠬᠤ ᠠᠵᠢᠯ ᠢ ᠯᠠᠪᠳ᠋ᠠᠭᠤᠨ ᠪᠠᠳ᠋ᠤᠳ᠋ᠠᠢ ᠦᠷᠨᠢᠬᠦᠯᠪᠡ
ᠳᠠᠷᠠᠭᠠᠬᠢ᠄ ᠪᠦᠬᠦ ᠬᠤᠰᠢᠭᠤᠨ ᠤ ᠰᠤᠮᠤ ᠪᠠᠯᠭᠠᠰᠤ ᠶᠢᠨ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠲᠠᠷᠢᠬᠦᠯᠡᠭ᠍ᠴᠢᠳ ᠤᠨ ᠪᠦᠯᠬᠦᠮ ᠤᠨ ᠲᠠᠷᠢᠬᠦᠯᠡᠭ᠍ᠴᠢ ᠪᠠ ᠬᠤᠭᠤᠴᠠᠭ᠎ᠠ ᠰᠤᠯᠢᠬᠤ ᠠᠵᠢᠯ ᠤᠨ ᠬᠢᠨᠠᠨ ᠵᠢᠯᠤᠭᠤᠳᠬᠤ ᠲᠤᠭᠤᠢ᠌ᠯᠠᠩ ᠤᠨ ᠬᠠᠷᠢᠭᠤᠴᠠᠯᠭᠠᠳ᠋ᠠᠨ ᠤ ᠠᠵᠢᠯ ᠤᠨ ᠬᠤᠷᠠᠯ ᠬᠤᠷᠠᠯᠳ᠋ᠤᠪᠠ