ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠬᠦᠷ ᠤᠯᠤᠰ ᠤᠨ ᠨᠢᠭᠤᠴᠨ ᠶᠢ ᠬᠢᠨᠠᠨ ᠲᠤᠭᠳ᠋ᠠᠭᠠᠬᠤ ᠠᠵᠢᠯ ᠤᠨ ᠲᠤᠭᠳ᠋ᠠᠭᠠᠯ ᠢ ᠲᠦ᠋ᠪᠯᠡᠷᠡᠬᠦᠯᠤᠨ ᠰᠤᠷᠤᠯᠴᠠᠪᠠ

11 ᠰᠠᠷ᠎ᠠ ᠶᠢᠨ19 ᠤ ᠡᠳ᠋ᠤᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠬᠦᠷ ᠲᠤᠰᠬᠠᠢ ᠰᠡᠳ᠋ᠤᠪᠳ᠋ᠤ ᠰᠤᠷᠤᠯᠴᠠᠬᠤ ᠬᠤᠷᠠᠯ ᠬᠤᠷᠠᠯᠳ᠋ᠤᠭᠤᠯᠵᠤ᠂ 《ᠤᠯᠤᠰ ᠤᠨ ᠨᠢᠭᠤᠴᠨ ᠶᠢ ᠬᠢᠨᠠᠨ ᠲᠤᠭᠳ᠋ᠠᠭᠠᠬᠤ ᠠᠵᠢᠯ ᠤᠨ ᠲᠤᠭᠳ᠋ᠠᠭᠠᠯ》 ᠢ ᠲᠦ᠋ᠪᠯᠡᠷᠡᠬᠦᠯᠤᠨ ᠰᠤᠷᠤᠯᠴᠠᠪᠠ᠃ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠬᠦᠷ ᠤᠨ ᠱᠦ᠋ᠵᠢ ᠯᠢ ᠴᠸᠩ ᠬᠦᠸᠸ ᠬᠤᠷᠠᠯ ᠡᠷᠬᠢᠯᠡᠵᠤ᠂ ᠪᠠᠢ᠌ᠭᠤᠯᠭ᠎ᠠ ᠶᠢᠨ ᠪᠦᠬᠦ ᠨᠠᠮ ᠤᠨ ᠭᠡᠰᠢᠬᠦᠨ ᠺᠠᠳ᠋ᠷ ᠬᠤᠷᠠᠯ ᠳ᠋ᠥ ᠤᠷᠤᠯᠴᠠᠪᠠ᠃

ᠬᠤᠷᠠᠯ ᠡᠴᠨ᠂ ᠤᠳ᠋ᠤ ᠶᠢᠨ ᠲᠤᠮᠤ ᠳ᠋ᠠᠢ᠌ᠲ᠋ᠨ ᠶᠢᠨ ᠴᠠᠭ ᠦᠶ᠎ᠠ ᠳ᠋ᠥ ᠺᠤᠮᠫᠢᠤᠲ᠋ᠸᠷ ᠶᠢᠡᠷ ᠠᠵᠢᠯᠯᠠᠬᠤ ᠨᠢ ᠨᠢᠭᠡᠨᠳ᠋ᠠ ᠭᠤᠤᠯ ᠤᠷᠤᠰᠬᠠᠯ ᠤᠨ ᠵᠠᠭᠪᠤᠷ ᠪᠤᠯᠵᠤ᠂ ᠨᠢᠭᠤᠴᠨ ᠶᠢ ᠬᠢᠨᠠᠨ ᠲᠤᠭᠳ᠋ᠠᠭᠠᠬᠤ ᠠᠵᠢᠯ ᠤᠨ ᠬᠦᠴᠢᠷᠳ᠋ᠠᠯ ᠭᠡᠨᠡᠳᠳ᠋ᠠ ᠨᠡᠮᠡᠭ᠍ᠳ᠋ᠡᠭ᠍ᠰᠨᠨ ᠪᠠᠢ᠌ᠳ᠋ᠠᠯ ᠲᠤᠤᠷ᠎ᠠ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠪᠦᠬᠦ ᠨᠠᠮ ᠤᠨ ᠭᠡᠰᠢᠬᠦᠨ ᠺᠠᠳ᠋ᠷ ᠰᠦ᠋ᠯᠵᠢᠶᠠᠨ ᠤ ᠰᠤᠷᠠᠭ ᠵᠠᠩᠬᠢ ᠶᠢᠨ ᠨᠢᠭᠤᠴᠨ ᠶᠢ ᠬᠠᠮᠠᠭᠠᠯᠠᠬᠤ ᠠᠵᠢᠯ ᠳ᠋ᠥ ᠲᠤᠯᠭᠠᠷᠠᠵᠤ ᠪᠠᠢ᠌ᠭ᠎ᠠ ᠠᠮᠠᠷᠬᠠᠨ ᠡᠬᠦᠰᠬᠦ ᠴᠢᠨᠠᠷ᠂ ᠲᠠᠯᠳ᠋ᠠ ᠴᠢᠨᠠᠷ᠂ ᠬᠤᠤᠷ ᠬᠦᠨᠤᠭᠡᠯᠳ᠋ᠤ ᠴᠢᠨᠠᠷ ᠵᠡᠷᠭᠡ ᠰᠢᠨ᠎ᠠ ᠤᠨᠴᠠᠯᠢᠭ ᠢ ᠬᠦᠢᠴᠡᠳ ᠲᠠᠨᠢᠵᠤ᠂ 《ᠤᠯᠤᠰ ᠤᠨ ᠨᠢᠭᠤᠴᠨ ᠶᠢ ᠬᠢᠨᠠᠨ ᠲᠤᠭᠳ᠋ᠠᠭᠠᠬᠤ ᠠᠵᠢᠯ ᠤᠨ ᠲᠤᠭᠳ᠋ᠠᠭᠠᠯ》 ᠶᠢᠡᠷ ᠪᠠᠷᠢᠮᠵᠢᠶ᠎ᠠ ᠪᠤᠯᠭᠠᠵᠤ᠂ ᠨᠡᠢ᠌ᠳ᠋ᠡᠯᠢᠭ᠌ ᠭᠡᠷᠡᠭ᠌ ᠤᠨ ᠵᠢᠱᠢᠶ᠎ᠠ ᠲᠡᠶ ᠤᠶᠠᠯᠳ᠋ᠤᠭᠤᠯᠤᠨ᠂ ᠨᠢᠭᠤᠴᠨ ᠶᠢ ᠬᠠᠮᠠᠭᠠᠯᠠᠬᠤ ᠬᠦᠮᠤᠵᠢᠯ ᠢ ᠴᠢᠩᠭ᠋ᠠᠳᠬᠠᠵᠤ᠂ ᠲᠦ᠋ᠭ᠍ᠰᠢᠬᠦᠷᠢ ᠶᠢᠨ ᠤᠬᠠᠮᠰᠠᠷ᠂ ᠬᠠᠷᠢᠭᠤᠴᠠᠯᠭᠠᠳ᠋ᠤ ᠤᠬᠠᠮᠰᠠᠷ ᠢ ᠪᠠᠳ᠋ᠤ ᠪᠠᠬᠢ ᠪᠤᠢ ᠪᠤᠯᠭᠠᠨ᠂ ᠰᠢᠨ᠎ᠠ ᠪᠠᠢ᠌ᠳ᠋ᠠᠯ ᠲᠤᠤᠷᠠᠬᠢ ᠨᠢᠭᠤᠴᠨ ᠶᠢ ᠬᠢᠨᠠᠨ ᠲᠤᠭᠳ᠋ᠠᠭᠠᠬᠤ ᠠᠵᠢᠯ ᠤᠨ ᠴᠢᠬᠤᠯᠨ ᠴᠢᠨᠠᠷ᠂ ᠲᠤᠯᠭᠠᠮ᠎ᠠ ᠴᠢᠨᠠᠷ ᠢ ᠬᠦᠨᠵᠡᠭᠡᠢ ᠲᠠᠨᠢᠵᠤ᠂ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠲᠦ᠋ᠷᠢᠮ ᠲᠤᠭᠳ᠋ᠠᠭᠠᠯ ᠶᠤᠰᠤᠭᠠᠷ᠂ ᠡᠯ᠎ᠠ ᠲᠦ᠋ᠷᠤᠯ ᠤᠨ ᠬᠠᠳ᠋ᠠᠭᠠᠯᠠᠬᠤ ᠠᠴᠢᠶᠠᠯᠠᠪᠤᠷᠢ ᠶᠢ ᠲᠦ᠋ᠷᠢᠮᠵᠢᠬᠦᠯᠤᠨ ᠭᠡᠷᠡᠭᠯᠡᠵᠤ᠂ ᠬᠠᠤᠯᠢ ᠶᠤᠰᠤᠭᠠᠷ ᠤᠯᠤᠰ ᠤᠨ ᠨᠢᠭᠤᠴᠨ ᠶᠢ ᠬᠠᠮᠠᠭᠠᠯᠠᠬᠤ ᠶᠢ ᠨᠡᠩ ᠯᠠᠪᠳ᠋ᠠᠭᠤᠨ ᠪᠠᠳ᠋ᠤᠳ᠋ᠠᠢ᠂ ᠰᠢᠨᠵᠢᠯᠡᠬᠦ ᠤᠬᠠᠭᠠᠨᠴᠢ ᠪᠤᠯᠭᠠᠬᠤ ᠭᠡᠷᠡᠭ᠍ᠳ᠋ᠡᠢ ᠭᠡᠵᠤ ᠴᠢᠬᠤᠯᠠᠴᠢᠯᠠᠵᠠᠢ᠃
ᠬᠤᠷᠠᠯ ᠲᠠᠭᠡᠷ᠎ᠠ᠂ ᠯᠢ ᠴᠸᠩ ᠬᠦᠸᠸ ᠡᠴᠨ ᠪᠦᠬᠦ ᠬᠤᠳ᠋ᠠ ᠶᠢᠨ ᠨᠠᠮ ᠵᠠᠰᠠᠭ ᠤᠨ ᠪᠠᠢ᠌ᠭᠤᠯᠭ᠎ᠠ ᠶᠢᠨ ᠠᠯᠪᠠᠨ ᠠᠵᠢᠯ ᠤᠨ ᠰᠢᠰᠲ᠋ᠸᠮ ᠤᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠳ᠋ᠤ᠂ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠠᠯᠪᠠᠨ ᠠᠵᠢᠯ ᠤᠨ ᠰᠢᠰᠲ᠋ᠸᠮ ᠤᠨ ᠠᠵᠢᠯ ᠤᠨ ᠴᠢᠨᠠᠷ ᠴᠢᠨᠰᠠᠭ᠎ᠠ ᠶᠢᠨ ᠬᠢᠷᠢ ᠲᠦ᠋ᠪᠰᠢᠨ ᠪᠠ ᠪᠠᠢ᠌ᠭᠤᠯᠭ᠎ᠠ ᠶᠢᠨ ᠨᠢᠭᠤᠴᠨ ᠶᠢ ᠬᠠᠮᠠᠭᠠᠯᠠᠬᠤ ᠠᠵᠢᠯ ᠵᠡᠷᠭᠡ ᠲᠠᠯ᠎ᠠ ᠳ᠋ᠥ ᠪᠤᠳ᠋ᠠᠳ᠋ᠠᠢ ᠱᠠᠭᠠᠷᠳ᠋ᠠᠯᠭ᠎ᠠ ᠲᠤᠷᠠᠳᠪᠠ᠃ (ᠳ᠋ᠠᠢ ᠰᠢᠶᠦ᠋ᠩ)