ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠭᠡᠷᠡᠭ᠌ ᠶᠢᠡᠷ ᠦᠭᠡᠷᠡᠴᠢᠯᠡᠯᠳ᠋ᠠ ᠶᠢ ᠠᠬᠢᠭᠤᠯᠬᠤ ᠲᠤᠰᠬᠠᠢ ᠰᠡᠳ᠋ᠤᠪᠳ᠋ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠡᠴᠨ ᠡᠮᠤᠨᠡᠬᠢ ᠲᠦ᠋ᠪᠯᠡᠷᠡᠬᠦᠯᠤᠨ ᠰᠤᠷᠤᠯᠴᠠᠨ ᠰᠤᠳ᠋ᠤᠯᠬᠤ ᠶᠠᠷᠢᠯᠴᠠᠭ᠎ᠠ ᠦᠷᠨᠢᠬᠦᠯᠪᠡ

11 ᠰᠠᠷ᠎ᠠ ᠶᠢᠨ 23 ᠤ ᠡᠳ᠋ᠤᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠭᠡᠷᠡᠭ᠌ ᠶᠢᠡᠷ ᠦᠭᠡᠷᠡᠴᠢᠯᠡᠯᠳ᠋ᠠ ᠶᠢ ᠠᠬᠢᠭᠤᠯᠬᠤ ᠲᠤᠰᠬᠠᠢ ᠰᠡᠳ᠋ᠤᠪᠳ᠋ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠡᠴᠨ ᠡᠮᠤᠨᠡᠬᠢ ᠲᠦ᠋ᠪᠯᠡᠷᠡᠬᠦᠯᠤᠨ ᠰᠤᠷᠤᠯᠴᠠᠨ ᠰᠤᠳ᠋ᠤᠯᠬᠤ ᠶᠠᠷᠢᠯᠴᠠᠭ᠎ᠠ ᠦᠷᠨᠢᠬᠦᠯᠪᠡ᠃ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ᠂ ᠡᠷᠬᠢᠯᠡᠭ᠍ᠴᠢ ᠡᠤ ᠴᠢᠩ ᠬᠠᠢ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠭᠡᠰᠢᠬᠦᠨ ᠪᠤᠤ ᠯᠦ᠋ᠩ᠂ ᠲᠠᠳ᠋ ᠡᠷᠬᠢᠯᠡᠭ᠍ᠴᠢ ᠶᠢᠨ ᠵᠢᠱᠢᠭ᠍ᠳ᠋ᠡᠭ᠍ᠴᠢ ᠵᠠᠩ ᠶᠦ᠋ᠩ ᠴᠢᠶᠨᠩ᠂ ᠨᠠᠷᠢᠨ ᠪᠢᠴᠢᠭ᠌ ᠤᠨ ᠲᠠᠷᠤᠭ᠎ᠠ ᠯᠢ ᠴᠸᠩ ᠬᠦᠸᠸ ᠬᠤᠷᠠᠯ ᠳ᠋ᠥ ᠰᠠᠭᠠᠳ᠋ᠠᠵᠤ᠂ ᠪᠠᠢ᠌ᠭᠤᠯᠭ᠎ᠠ ᠶᠢᠨ ᠲᠠᠳ᠋ ᠰᠠᠯᠠᠭᠠᠨ ᠲᠠᠰ ᠡᠴᠨ ᠲᠠᠭᠡᠭ᠍ᠰᠢᠬᠢ ᠤᠳ᠋ᠤᠷᠢᠳ᠋ᠤᠯᠭ᠎ᠠ ᠺᠠᠳ᠋ᠷ ᠬᠤᠷᠠᠯ ᠳ᠋ᠥ ᠤᠷᠤᠯᠴᠠᠪᠠ᠃ ᠡᠤ ᠴᠢᠩ ᠬᠠᠢ ᠬᠤᠷᠠᠯ ᠡᠷᠬᠢᠯᠡᠪᠡ᠃

ᠬᠤᠷᠠᠯ ᠡᠴᠨ᠂ 《〈ᠨᠢᠭᠡᠳ᠋ᠤᠭᠡᠷ ᠭᠠᠷ〉 ᠪᠠ ᠤᠳ᠋ᠤᠷᠢᠳᠬᠤ ᠪᠠᠭ ᠲᠣ ᠬᠢᠨᠠᠯᠳ᠋ᠠ ᠲᠠᠯᠪᠢᠬᠤ ᠶᠢ ᠴᠢᠩᠭ᠋ᠠᠳᠬᠠᠬᠤ ᠲᠤᠬᠠᠢ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠲᠦ᠋ᠪ ᠬᠤᠷᠢᠶᠠᠨ ᠤ ᠰᠠᠨᠠᠯ》 《ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠠᠵᠢᠯ ᠤᠨ ᠲᠦ᠋ᠷᠢᠮ》 ᠵᠡᠷᠭᠡ ᠨᠠᠮ ᠤᠨ ᠲᠤᠳ᠋ᠤᠭᠠᠳ᠋ᠤ ᠶᠢᠨ ᠬᠠᠤᠯᠢ ᠲᠤᠭᠳ᠋ᠠᠭᠠᠯ ᠢ ᠤᠯᠠᠮᠵᠢᠯᠠᠨ ᠰᠤᠷᠤᠯᠴᠠᠵᠤ᠂ 《ᠲᠦ᠋ᠭᠡᠷᠢᠯ ᠤᠨ ᠦᠷᠡᠭ᠍ᠳ᠋ᠡᠯ》 ᠤᠨ ᠰᠡᠷᠡᠮᠵᠢᠯᠡᠬᠦᠯᠬᠦ ᠬᠦᠮᠤᠵᠢᠯ ᠤᠨ ᠤᠩᠰᠢᠬᠤ ᠪᠢᠴᠢᠭ᠌ ᠲᠠᠬᠢ ᠨᠡᠢ᠌ᠳ᠋ᠡᠯᠢᠭ᠌ ᠭᠡᠷᠡᠭ᠌ ᠤᠨ ᠵᠢᠱᠢᠶ᠎ᠠ ᠶᠢ ᠵᠠᠷᠯᠠᠨ ᠵᠠᠳ᠋ᠠᠯᠵᠤ᠂ 《〈ᠨᠢᠭᠡᠳ᠋ᠤᠭᠡᠷ ᠭᠠᠷ〉 ᠲᠣ ᠬᠢᠨᠠᠯᠳ᠋ᠠ ᠲᠠᠯᠪᠢᠬᠤ ᠠᠵᠢᠯ ᠢ ᠴᠢᠩᠭ᠋ᠠᠳᠬᠠᠬᠤ ᠠᠵᠢᠯ》 ᠤᠨ ᠲᠦ᠋ᠷᠰᠤ ᠰᠢᠩᠭᠡᠭᠡᠯᠳ᠋ᠠ ᠶᠢᠨ ᠬᠢᠴᠢᠶᠠᠯ ᠪᠠ ᠰᠡᠷᠡᠮᠵᠢᠯᠡᠬᠦᠯᠬᠦ ᠬᠦᠮᠤᠵᠢᠯ ᠤᠨ ᠪᠠᠴᠢᠯ ᠲᠦ᠋ᠷᠰᠤ ᠰᠢᠩᠭᠡᠭᠡᠯᠳ᠋ᠠ ᠶᠢ ᠲᠦ᠋ᠪᠯᠡᠷᠡᠬᠦᠯᠤᠨ ᠰᠤᠨᠢᠷᠬᠠᠪᠠ᠃

ᠡᠤ ᠴᠢᠩ ᠬᠠᠢ ᠡᠴᠨ᠂ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠭᠡᠰᠢᠬᠦᠨ ᠺᠠᠳ᠋ᠷ 《ᠶᠡᠷᠤᠩᠭᠡᠢ ᠱᠦ᠋ᠵᠢ ᠰᠢ ᠵᠢᠨ ᠫᠢᠩ ᠤᠨ ᠨᠠᠮ ᠢ ᠴᠢᠩᠬ᠎ᠠ ᠵᠠᠰᠠᠬᠤ ᠲᠤᠬᠠᠢ ᠴᠢᠬᠤᠯᠨ ᠦᠬᠦᠯᠡᠯᠳ᠋ᠠ ᠶᠢᠨ ᠲᠠᠬᠦᠪᠤᠷᠢ》《ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠠᠷᠢᠭᠤᠨ ᠴᠢᠭᠡᠴᠢ ᠪᠠᠷ ᠪᠠᠶ᠎ᠠ ᠪᠠᠨ ᠱᠠᠭᠠᠷᠳ᠋ᠠᠬᠤ ᠪᠠᠷᠢᠮᠵᠢᠶ᠎ᠠ》 《ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠰᠠᠬᠢᠯᠭ᠎ᠠ ᠪᠠᠳ᠋ᠤ ᠶᠢᠨ ᠰᠢᠳᠭᠡᠯ ᠦᠭ᠍ᠬᠦ ᠲᠦ᠋ᠷᠢᠮ》 ᠵᠡᠷᠭᠡ ᠡᠯ᠎ᠠ ᠲᠦ᠋ᠷᠤᠯ ᠤᠨ ᠰᠤᠷᠤᠯᠴᠠᠬᠤ ᠠᠭᠤᠯᠭ᠎ᠠ ᠶᠢ ᠦᠷᠬᠦᠯᠵᠢᠯᠠᠨ ᠬᠦᠨᠵᠡᠭᠡᠢ ᠰᠤᠷᠤᠯᠴᠠᠵᠤ᠂ ᠤᠨᠤᠯ ᠪᠠ ᠤᠢ᠌ᠯᠡᠳ᠋ᠤᠯᠭᠡ ᠶᠢᠨ ᠪᠦᠳ᠋ᠤᠮᠵᠢᠳ᠋ᠠᠢ ᠤᠶᠠᠯᠳ᠋ᠤᠯ ᠢ ᠤᠯᠠᠮ ᠨᠢᠭᠡ ᠠᠯᠬᠤᠮ ᠰᠠᠢ᠌ᠳ᠋ᠤᠷ ᠠᠳᠬᠤᠨ᠂ ᠤᠯᠤᠰ ᠲᠦ᠋ᠷᠤ ᠶᠢᠨ ᠤᠢ᠌ᠯᠠᠭᠠᠬᠤ ᠴᠢᠳ᠋ᠠᠪᠤᠷᠢ᠂ ᠤᠯᠤᠰ ᠲᠦ᠋ᠷᠤ ᠶᠢᠨ ᠮᠠᠭᠠᠳᠯᠠᠬᠤ ᠴᠢᠳ᠋ᠠᠪᠤᠷᠢ᠂ ᠤᠯᠤᠰ ᠲᠦ᠋ᠷᠤ ᠶᠢᠨ ᠭᠡᠷᠡᠭ᠍ᠵᠢᠬᠦᠯᠬᠦ ᠴᠢᠳ᠋ᠠᠪᠤᠷᠢ ᠪᠠᠨ ᠲᠠᠰᠤᠷᠠᠯᠳ᠋ᠠ ᠦᠭᠡᠶ ᠲᠠᠭᠡᠭ᠍ᠰᠢᠯᠡᠬᠦᠯᠬᠦ ᠭᠡᠷᠡᠭ᠍ᠳ᠋ᠡᠢ᠃ ᠴᠢᠩᠭ᠎ᠠ ᠪᠠᠷᠢᠮᠵᠢᠶ᠎ᠠ ᠪᠠ ᠦᠨᠳ᠋ᠤᠷ ᠵᠤᠭᠰᠤᠴᠨ ᠡᠴᠨ ᠲᠤᠰᠬᠠᠢ ᠰᠡᠳ᠋ᠤᠪᠳ᠋ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠡᠴᠨ ᠡᠮᠤᠨᠡᠬᠢ ᠡᠯ᠎ᠠ ᠵᠤᠢ᠌ᠯ ᠤᠨ ᠪᠠᠯᠡᠳᠭᠡᠯ ᠠᠵᠢᠯ ᠢ ᠰᠠᠢ᠌ᠳ᠋ᠤᠷ ᠬᠢᠵᠤ᠂ ᠤᠯᠠᠨ ᠠᠷᠭ᠎ᠠ ᠵᠠᠮ ᠶᠢᠡᠷ ᠦᠷᠭᠡᠨ ᠶᠢᠡᠷ ᠰᠠᠨᠠᠯ ᠬᠤᠷᠢᠶᠠᠵᠤ᠂ ᠬᠦᠨᠵᠡᠭᠡᠢ ᠰᠤᠯᠢᠯᠴᠠᠨ ᠶᠠᠷᠢᠯᠴᠠᠵᠤ᠂ ᠠᠰᠠᠭᠤᠳ᠋ᠠᠯ ᠢ ᠪᠦᠬᠦ ᠲᠠᠯ᠎ᠠ ᠪᠠᠷ ᠪᠠᠢ᠌ᠴᠠᠭᠠᠨ᠂ ᠰᠢᠯᠳ᠋ᠠᠭᠠᠨ ᠢ ᠬᠦᠨᠵᠡᠭᠡᠢ ᠵᠠᠳ᠋ᠠᠯᠵᠤ᠂ ᠴᠡᠭ᠍ᠴᠡᠯᠡᠨ ᠰᠠᠢ᠌ᠵᠢᠷᠠᠭᠤᠯᠬᠤ ᠠᠷᠭ᠎ᠠ ᠭᠡᠮᠵᠢᠶ᠎ᠠ ᠶᠢ ᠲᠤᠳ᠋ᠤᠷᠬᠠᠢ᠌ᠯᠠᠨ᠂ ᠦᠨᠳ᠋ᠤᠷ ᠴᠢᠨᠰᠠᠭᠠᠳ᠋ᠤ ᠲᠤᠰᠬᠠᠢ ᠰᠡᠳ᠋ᠤᠪᠳ᠋ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠬᠤᠷᠠᠯᠳ᠋ᠤᠭᠤᠯᠬᠤ ᠳ᠋ᠥ ᠦᠵᠡᠯ ᠰᠠᠨᠠᠭ᠎ᠠ ᠤᠨᠤᠯ ᠤᠨ ᠰᠠᠭᠤᠷᠢ ᠶᠢ ᠲᠠᠯᠪᠢᠬᠤ ᠭᠡᠷᠡᠭ᠍ᠳ᠋ᠡᠢ ᠭᠡᠵᠤ ᠴᠢᠬᠤᠯᠠᠴᠢᠯᠠᠵᠠᠢ᠃
ᠡᠤ ᠴᠢᠩ ᠬᠠᠢ ᠡᠴᠨ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠭᠡᠰᠢᠬᠦᠨ ᠺᠠᠳ᠋ᠷ ᠤᠯᠤᠰ ᠲᠦ᠋ᠷᠤ ᠶᠢᠨ ᠵᠤᠭᠰᠤᠴᠨ ᠪᠠᠨ ᠲᠠᠭᠡᠭ᠍ᠰᠢᠯᠡᠬᠦᠯᠵᠤ᠂ ᠨᠠᠮ ᠢ ᠢᠮᠠᠭᠳ᠋ᠠ ᠰᠡᠳᠬᠢᠯ ᠵᠢᠷᠤᠭᠡᠨ ᠤ ᠪᠠᠨ ᠬᠠᠮᠤᠭ ᠤᠨ ᠲᠠᠭᠡᠳ᠋ᠤ ᠪᠠᠢ᠌ᠷᠢᠨ ᠳ᠋ᠥ ᠲᠠᠯᠪᠢᠵᠤ᠂ ᠡᠷᠡᠰ ᠭᠤᠢ᠌ᠪᠢᠰᠢ ᠦᠭᠡᠶ ᠪᠠᠷ ᠨᠠᠮ ᠶᠢᠡᠨ ᠲᠠᠭᠠᠬᠤ ᠭᠡᠷᠡᠭ᠍ᠳ᠋ᠡᠢ᠃ ᠤᠨᠤᠯ ᠶᠢᠡᠷ ᠵᠡᠪᠰᠡᠭᠯᠡᠬᠦ ᠶᠢ ᠴᠢᠩᠭ᠋ᠠᠬᠠᠵᠤ᠂ ᠰᠤᠷᠤᠯᠴᠠᠯᠭ᠎ᠠ ᠶᠢᠨ ᠢᠳ᠋ᠡᠪᠬᠢᠵᠢᠯ ᠪᠠ ᠰᠠᠨᠠᠭᠠᠴᠢᠯᠠᠭᠠᠳ᠋ᠤ ᠴᠢᠨᠠᠷ ᠢ ᠤᠯᠠᠮ ᠨᠢᠭᠡ ᠠᠯᠬᠤᠮ ᠴᠢᠩᠭ᠋ᠠᠳᠬᠠᠨ᠂ ᠰᠤᠷᠤᠯᠴᠠᠯᠭ᠎ᠠ ᠶᠢᠨ ᠦᠷ᠎ᠠ ᠪᠦᠳ᠋ᠤᠭᠡᠯ ᠢ ᠠᠵᠢᠯ ᠲᠤᠮᠳ᠋ᠠ ᠪᠠᠨ ᠨᠠᠢ᠌ᠳ᠋ᠠᠪᠤᠷᠢᠵᠢᠭᠤᠯᠵᠤ᠂ ᠠᠮᠢᠳ᠋ᠤᠷᠠᠯ ᠲᠤᠮᠳ᠋ᠠ ᠨᠠᠢ᠌ᠳ᠋ᠠᠪᠤᠷᠢᠵᠢᠭᠤᠯᠤᠨ᠂ ᠰᠡᠳᠬᠢᠯ ᠳᠡᠭᠡᠨ ᠰᠢᠩᠭᠡᠭᠡᠨ᠂ ᠤᠢ᠌ᠯᠨ ᠠᠵᠢᠯᠯᠠᠭ᠎ᠠ ᠳᠠᠭᠠᠨ ᠢᠯᠡᠷᠡᠬᠦᠯᠬᠦ ᠶᠢᠨ ᠬᠠᠮᠳ᠋ᠤ᠂ ᠠᠷᠠᠳ ᠲᠦ᠋ᠮᠨᠨ ᠳ᠋ᠥ ᠤᠢ᠌ᠯᠡᠴᠢᠯᠡᠬᠦ ᠴᠢᠳ᠋ᠠᠪᠤᠷᠢ ᠪᠠᠨ ᠲᠡᠭᠡᠭ᠍ᠰᠢᠯᠡᠬᠦᠯᠵᠤ᠂ ᠨᠡᠩ ᠦᠨᠳ᠋ᠤᠷ ᠪᠠᠷᠢᠮᠵᠢᠶ᠎ᠠ ᠪᠠᠷ ᠠᠵᠢᠯ ᠤᠨ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠪᠠᠷ ᠴᠢᠷᠮᠠᠢ᠌ᠬᠤ ᠭᠡᠷᠡᠭ᠍ᠳ᠋ᠡᠢ᠃ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠨᠠᠮ ᠤᠨ ᠭᠡᠰᠢᠬᠦᠨ ᠺᠠᠳ᠋ᠷ ᠰᠠᠬᠢᠯᠭ᠎ᠠ ᠪᠠᠳ᠋ᠤ ᠶᠤᠰᠤ ᠲᠦ᠋ᠷᠢᠮ ᠢ ᠴᠢᠩᠭ᠎ᠠ ᠰᠠᠬᠢᠵᠤ᠂ ᠴᠠᠭ ᠢᠮᠠᠭᠳ᠋ᠠ ᠨᠠᠮ ᠤᠨ ᠰᠠᠬᠢᠯᠭ᠎ᠠ ᠤᠯᠤᠰ ᠤᠨ ᠬᠠᠤᠯᠢ ᠪᠠᠷ ᠦᠪᠡᠷ ᠢ ᠪᠠᠨ ᠬᠢᠵᠠᠭᠠᠷᠯᠠᠵᠤ᠂ ᠠᠷᠢᠭᠤᠨ ᠴᠢᠭᠡᠴᠢ ᠪᠠᠷ ᠪᠠᠶ᠎ᠠ ᠪᠠᠨ ᠱᠠᠭᠠᠷᠳ᠋ᠠᠬᠤ ᠦᠯᠢᠭᠡᠷ ᠲᠠᠭᠤᠷᠢᠶᠠᠯ ᠪᠤᠯᠬᠤ ᠭᠡᠷᠡᠭ᠍ᠳ᠋ᠡᠢ ᠭᠡᠵᠤ ᠱᠠᠭᠠᠷᠳ᠋ᠠᠵᠠᠢ᠃ (ᠳ᠋ᠠᠢ ᠰᠢᠶᠦ᠋ᠩ)