ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠭᠡᠷᠡᠭ᠌ ᠶᠢᠡᠷ ᠦᠭᠡᠷᠡᠴᠢᠯᠡᠯᠳ᠋ᠠ ᠶᠢ ᠠᠬᠢᠭᠤᠯᠬᠤ ᠲᠤᠰᠬᠠᠢ ᠰᠡᠳ᠋ᠤᠪᠳ᠋ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠡᠴᠨ ᠡᠮᠤᠨᠡᠬᠢ ᠲᠦ᠋ᠪᠯᠡᠷᠡᠬᠦᠯᠤᠨ ᠰᠤᠷᠤᠯᠴᠠᠨ ᠰᠤᠳ᠋ᠤᠯᠬᠤ ᠶᠠᠷᠢᠯᠴᠠᠭ᠎ᠠ ᠦᠷᠨᠢᠬᠦᠯᠪᠡ

11 ᠰᠠᠷ᠎ᠠ ᠶᠢᠨ 23 ᠤ ᠡᠳ᠋ᠤᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠭᠡᠷᠡᠭ᠌ ᠶᠢᠡᠷ ᠦᠭᠡᠷᠡᠴᠢᠯᠡᠯᠳ᠋ᠠ ᠶᠢ ᠠᠬᠢᠭᠤᠯᠬᠤ ᠲᠤᠰᠬᠠᠢ ᠰᠡᠳ᠋ᠤᠪᠳ᠋ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠡᠴᠨ ᠡᠮᠤᠨᠡᠬᠢ ᠲᠦ᠋ᠪᠯᠡᠷᠡᠬᠦᠯᠤᠨ ᠰᠤᠷᠤᠯᠴᠠᠬᠤ ᠶᠠᠷᠢᠯᠴᠠᠭ᠎ᠠ ᠦᠷᠨᠢᠬᠦᠯᠪᠡ᠃

ᠬᠤᠷᠠᠯ ᠡᠴᠨ᠂ 《〈ᠨᠢᠭᠡᠳ᠋ᠤᠭᠡᠷ ᠭᠠᠷ〉 ᠪᠠ ᠤᠳ᠋ᠤᠷᠢᠳᠬᠤ ᠪᠠᠭ ᠲᠣ ᠬᠢᠨᠠᠯᠳ᠋ᠠ ᠲᠠᠯᠪᠢᠬᠤ ᠶᠢ ᠴᠢᠩᠭ᠋ᠠᠳᠬᠠᠬᠤ ᠲᠤᠬᠠᠢ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠲᠦ᠋ᠪ ᠬᠤᠷᠢᠶᠠᠨ ᠤ ᠰᠠᠨᠠᠯ》《ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠠᠵᠢᠯ ᠤᠨ ᠲᠦ᠋ᠷᠢᠮ》 ᠵᠡᠷᠭᠡ ᠨᠠᠮ ᠤᠨ ᠲᠤᠳ᠋ᠤᠭᠠᠳ᠋ᠤ ᠶᠢᠨ ᠬᠠᠤᠯᠢ ᠲᠤᠭᠳ᠋ᠠᠭᠠᠯ ᠢ ᠤᠯᠠᠮᠵᠢᠯᠠᠨ ᠰᠤᠷᠤᠯᠴᠠᠵᠤ᠂ 《ᠲᠦ᠋ᠭᠡᠷᠢᠯ ᠤᠨ ᠦᠷᠡᠭ᠍ᠳ᠋ᠡᠯ》 ᠤᠨ ᠰᠡᠷᠡᠮᠵᠢᠯᠡᠬᠦᠯᠬᠦ ᠬᠦᠮᠤᠵᠢᠯ ᠤᠨ ᠤᠩᠰᠢᠬᠤ ᠪᠢᠴᠢᠭ᠌ ᠲᠠᠬᠢ ᠨᠡᠢ᠌ᠳ᠋ᠡᠯᠢᠭ᠌ ᠭᠡᠷᠡᠭ᠌ ᠤᠨ ᠵᠢᠱᠢᠶ᠎ᠠ ᠶᠢ ᠵᠠᠷᠯᠠᠨ ᠵᠠᠳ᠋ᠠᠯᠵᠤ᠂《〈ᠨᠢᠭᠡᠳ᠋ᠤᠭᠡᠷ ᠭᠠᠷ〉 ᠲᠣ ᠬᠢᠨᠠᠯᠳ᠋ᠠ ᠲᠠᠯᠪᠢᠬᠤ ᠶᠢ ᠴᠢᠩᠭ᠋ᠠᠳᠬᠠᠬᠤ ᠠᠵᠢᠯ》 ᠤᠨ ᠲᠦ᠋ᠷᠰᠤ ᠰᠢᠩᠭᠡᠭᠡᠯᠳ᠋ᠠ ᠶᠢᠨ ᠬᠢᠴᠢᠶᠠᠯ ᠪᠠ ᠰᠡᠷᠡᠮᠵᠢᠯᠡᠬᠦᠯᠬᠦ ᠬᠦᠮᠤᠵᠢᠯ ᠤᠨ ᠪᠠᠴᠢᠯ ᠲᠦ᠋ᠷᠰᠤ ᠰᠢᠩᠭᠡᠭᠡᠯᠳ᠋ᠠ ᠶᠢ ᠬᠦᠯᠢᠶᠡᠨ ᠠᠪᠴᠤ ᠦᠵᠡᠵᠤ᠂ ᠬᠤᠷᠠᠯ ᠳ᠋ᠥ ᠤᠷᠤᠯᠴᠠᠭᠰᠠᠳ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠠᠵᠢᠯ ᠤᠨ ᠪᠤᠳ᠋ᠠᠳ᠋ᠠᠢ ᠪᠠᠢ᠌ᠳ᠋ᠠᠯ ᠲᠡᠶ ᠨᠢᠭᠳ᠋ᠠ ᠤᠶᠠᠯᠳ᠋ᠤᠭᠤᠯᠤᠨ ᠶᠡᠷᠤᠩᠭᠡᠢ ᠱᠦ᠋ᠵᠢ ᠰᠢ ᠵᠢᠨ ᠫᠢᠩ ᠤᠨ ᠪᠦᠬᠦ ᠲᠠᠯ᠎ᠠ ᠪᠠᠷ ᠨᠠᠮ ᠢ ᠴᠢᠩᠬ᠎ᠠ ᠵᠠᠰᠠᠬᠤ ᠴᠢᠬᠤᠯᠨ ᠦᠬᠦᠯᠡᠯᠳ᠋ᠠ ᠶᠢᠨ ᠲᠤᠭᠤᠷᠢᠨ ᠳ᠋ᠥ ᠰᠤᠳ᠋ᠤᠯᠤᠨ ᠶᠠᠷᠢᠯᠴᠠᠵᠤ ᠰᠠᠨᠠᠯ ᠰᠤᠯᠢᠯᠴᠠᠪᠠ᠃
ᠬᠤᠷᠠᠯ ᠡᠴᠨ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠯᠤᠰ ᠲᠦ᠋ᠷᠤ ᠶᠢ ᠡᠷᠬᠢᠮᠯᠡᠬᠦ ᠦᠨᠳ᠋ᠤᠷᠴᠨ ᠡᠴᠨ ᠭᠡᠷᠡᠭ᠌ ᠶᠢᠡᠷ ᠦᠭᠡᠷᠡᠴᠢᠯᠡᠯᠳ᠋ᠠ ᠶᠢ ᠠᠬᠢᠭᠤᠯᠬᠤ ᠠᠵᠢᠯ ᠢ ᠡᠵᠡᠮᠰᠢᠵᠤ᠂ ᠦᠵᠡᠯ ᠰᠠᠨᠠᠭ᠎ᠠ ᠪᠠ ᠦᠢᠯᠨ ᠠᠵᠢᠯᠯᠠᠭ᠎ᠠ ᠪᠠᠨ ᠲᠦ᠋ᠪ ᠬᠤᠷᠢᠶ᠎ᠠ᠂ ᠦᠪᠡᠷᠳ᠋ᠡᠭᠡᠨ ᠵᠠᠰᠠᠬᠤ ᠤᠷᠤᠨ᠂ ᠬᠤᠳ᠋ᠠ ᠶᠢᠨ ᠨᠠᠮ ᠤᠨ ᠬᠤᠷᠢᠶ᠎ᠠ ᠪᠠ ᠬᠤᠰᠢᠭᠤᠨ ᠤ ᠨᠠᠮ ᠤᠨ ᠬᠤᠷᠢᠶᠠᠨ ᠤ ᠭᠡᠷᠡᠭ᠌ ᠶᠢᠡᠷ ᠦᠭᠡᠷᠡᠴᠢᠯᠡᠯᠳ᠋ᠠ ᠶᠢ ᠠᠬᠢᠭᠤᠯᠬᠤ ᠠᠵᠢᠯ ᠤᠨ ᠪᠠᠢ᠌ᠷᠢᠯᠠᠭᠤᠯᠤᠯᠳ᠋ᠠ ᠲᠡᠶ ᠨᠢᠭᠡᠳᠭᠡᠬᠦ ᠭᠡᠷᠡᠭ᠍ᠳ᠋ᠡᠢ᠃ ᠠᠰᠠᠭᠤᠳ᠋ᠠᠯ ᠶᠢᠡᠷ ᠤᠳ᠋ᠤᠷᠢᠳ᠋ᠤᠮᠵᠢ ᠪᠤᠯᠭᠠᠬᠤ᠂ ᠭᠡᠷᠡᠭ᠌ ᠶᠢᠡᠷ ᠲᠤᠯᠢ ᠪᠤᠯᠭᠠᠬᠤ ᠶᠢ ᠪᠠᠷᠢᠮᠳ᠋ᠠᠯᠠᠵᠤ᠂ ᠪᠠᠢ᠌ᠭᠤᠯᠭ᠎ᠠ ᠶᠢᠨ ᠤᠳ᠋ᠤᠷᠢᠳᠬᠤ ᠪᠠᠭ᠂ ᠬᠤᠪᠢ ᠬᠦᠮᠤᠨ ᠤ ᠤᠷᠤᠰᠢᠵᠤ ᠪᠠᠢ᠌ᠭ᠎ᠠ ᠠᠰᠠᠭᠤᠳ᠋ᠠᠯ ᠪᠤᠯᠤᠨ ᠬᠦᠷᠤᠯᠴᠡᠬᠦ ᠦᠭᠡᠶ ᠲᠠᠯ᠎ᠠ ᠪᠠᠨ ᠬᠠᠷᠢᠴᠠᠭᠤᠯᠤᠨ ᠪᠠᠢ᠌ᠴᠠᠭᠠᠵᠤ᠂ ᠰᠢᠯᠳ᠋ᠠᠭᠠᠨ ᠢ ᠤᠨᠤᠪᠴᠢᠳ᠋ᠠᠢ ᠡᠷᠢᠨ᠂ ᠠᠰᠠᠭᠤᠳ᠋ᠠᠯ ᠢ ᠲᠤᠭᠤᠰᠢᠳ᠋ᠠᠢ ᠢᠯᠡᠷᠡᠬᠦᠯᠵᠤ᠂ ᠴᠢᠷᠮᠠᠢ᠌ᠬᠤ ᠴᠢᠭᠯᠡᠯ ᠶᠢᠡᠨ ᠲᠤᠳ᠋ᠤᠷᠬᠠᠢ᠌ᠯᠠᠨ᠂ ᠲᠤᠰᠬᠠᠢ ᠰᠡᠳ᠋ᠤᠪᠳ᠋ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠢ ᠴᠢᠨᠠᠷ ᠰᠠᠢ᠌ᠳ᠋ᠠᠢ ᠬᠢᠬᠦ ᠳ᠋ᠥ ᠦᠵᠡᠯ ᠰᠠᠨᠠᠭ᠎ᠠ ᠤᠨᠤᠯ ᠤᠨ ᠰᠠᠭᠤᠷᠢ ᠲᠠᠯᠪᠢᠬᠤ ᠭᠡᠷᠡᠭ᠍ᠳ᠋ᠡᠢ ᠭᠡᠵᠤ ᠱᠠᠭᠠᠷᠳ᠋ᠠᠵᠠᠢ᠃
ᠬᠤᠷᠠᠯ ᠳ᠋ᠥ ᠤᠷᠤᠯᠴᠠᠭᠰᠠᠳ ᠡᠴᠨ ᠨᠠᠮ ᠤᠨ ᠰᠠᠬᠢᠯᠭ᠎ᠠ ᠪᠠᠳ᠋ᠤ ᠨᠠᠮ ᠤᠨ ᠲᠤᠭᠳ᠋ᠠᠭᠠᠯ ᠢ ᠰᠤᠷᠤᠯᠴᠠᠬᠤ ᠪᠠ ᠨᠡᠢ᠌ᠳ᠋ᠡᠯᠢᠭ᠌ ᠭᠡᠷᠡᠭ᠌ ᠤᠨ ᠵᠢᠱᠢᠶ᠎ᠠ ᠶᠢ ᠵᠠᠳ᠋ᠠᠯᠬᠤ ᠪᠠᠷ ᠲᠠᠮᠵᠢᠭᠤᠯᠤᠨ᠂ ᠨᠠᠮ ᠤᠨ ᠰᠤᠷᠳ᠋ᠠᠯ ᠪᠠ ᠠᠷᠢᠭᠤᠨ ᠴᠢᠭᠡᠴᠢ ᠪᠠᠷ ᠵᠠᠰᠠᠭ ᠪᠠᠷᠢᠬᠤ ᠪᠠᠢ᠌ᠭᠤᠯᠤᠯᠳ᠋ᠠ ᠶᠢᠨ ᠲᠤᠯᠭᠠᠮ᠎ᠠ ᠰᠡᠳᠬᠢᠯᠭᠡ ᠪᠠ ᠡᠬᠦᠷᠭᠡᠳ᠋ᠤ ᠰᠡᠳᠬᠢᠯᠭᠡ ᠶᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠠᠵᠢᠯ ᠪᠠ ᠠᠮᠢᠳ᠋ᠤᠷᠠᠯ ᠲᠤᠮᠳ᠋ᠠ ᠨᠠᠮ ᠤᠨ ᠰᠠᠬᠢᠯᠭ᠎ᠠ ᠪᠠᠳ᠋ᠤ ᠶᠢ ᠤᠬᠠᠮᠰᠠᠷ ᠡᠴᠨ ᠪᠠᠨ ᠵᠢᠷᠤᠮᠯᠡᠨ ᠰᠠᠬᠢᠵᠤ᠂ ᠦᠷᠬᠦᠯᠵᠢ ᠰᠡᠷᠡᠮᠵᠢ ᠦᠭ᠍ᠴᠤ᠂ ᠦᠨᠡᠨᠴᠢ ᠰᠢᠳ᠋ᠤᠷᠭᠤ᠂ ᠠᠷᠢᠭᠤᠨ ᠴᠢᠭᠡᠴᠢ᠂ ᠬᠠᠷᠢᠭᠤᠴᠠᠯᠭ᠎ᠠ ᠡᠬᠦᠷᠭᠡᠯᠡᠳ᠋ᠡᠭ᠌ ᠨᠠᠮ ᠤᠨ ᠭᠡᠰᠢᠬᠦᠨ ᠺᠠᠳ᠋ᠷ ᠪᠤᠯᠤᠨ᠎ᠠ ᠭᠡᠵᠤ ᠢᠯᠡᠷᠭᠡᠢ᠌ᠯᠡᠵᠡᠭᠡᠪᠡ᠃ (ᠳ᠋ᠠᠢ ᠰᠢᠶᠦ᠋ᠩ)