ᠪᠦᠬᠦ ᠬᠤᠰᠢᠭᠤᠨ ᠤ ᠰᠤᠮᠤ ᠪᠠᠯᠭᠠᠰᠤ ᠶᠢᠨ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠲᠠᠷᠢᠬᠦᠯᠡᠭ᠍ᠴᠢᠳ ᠤᠨ ᠪᠦᠯᠬᠦᠮ ᠤᠨ ᠲᠠᠷᠢᠬᠦᠯᠡᠭ᠍ᠴᠢ ᠪᠠ ᠬᠤᠭᠤᠴᠠᠭ᠎ᠠ ᠰᠤᠯᠢᠬᠤ ᠠᠵᠢᠯ ᠤᠨ ᠬᠢᠨᠠᠨ ᠵᠢᠯᠤᠭᠤᠳᠬᠤ ᠲᠤᠭᠤᠢ᠌ᠯᠠᠩ ᠤᠨ ᠬᠠᠷᠢᠭᠤᠴᠠᠯᠭᠠᠳ᠋ᠠᠨ ᠤ ᠠᠵᠢᠯ ᠤᠨ ᠬᠤᠷᠠᠯ ᠬᠤᠷᠠᠯᠳ᠋ᠤᠪᠠ

ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠡᠯ᠎ᠠ ᠲᠦ᠋ᠷᠤᠯ ᠤᠨ ᠶᠠᠪᠤᠴᠨ ᠶᠢ ᠤᠯᠠᠮ ᠨᠢᠭᠡ ᠠᠯᠬᠤᠮ ᠲᠦ᠋ᠷᠢᠮᠵᠢᠬᠦᠯᠵᠤ᠂ ᠬᠤᠭᠤᠴᠠᠭ᠎ᠠ ᠰᠤᠯᠢᠬᠤ ᠰᠠᠬᠢᠯᠭ᠎ᠠ ᠪᠠᠳ᠋ᠤ ᠶᠢ ᠴᠢᠩᠭ᠎ᠠ ᠲᠤᠳ᠋ᠤᠳᠬᠠᠨ᠂ ᠡᠯ᠎ᠠ ᠵᠤᠢ᠌ᠯ ᠤᠨ ᠪᠡᠯᠡᠳᠭᠡᠯ ᠠᠵᠢᠯ ᠢ ᠰᠠᠢ᠌ᠳ᠋ᠤᠷ ᠬᠢᠬᠦ ᠶᠢᠨ ᠲᠦ᠋ᠯᠤᠭᠡ᠂11 ᠰᠠᠷ᠎ᠠ ᠶᠢᠨ23 ᠤ ᠡᠳ᠋ᠤᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠡᠴᠨ ᠵᠤᠬᠢᠶᠠᠨ ᠪᠠᠢ᠌ᠭᠤᠯᠵᠤ ᠪᠦᠬᠦ ᠬᠤᠰᠢᠭᠤᠨ ᠤ ᠰᠤᠮᠤ ᠪᠠᠯᠭᠠᠰᠤ ᠶᠢᠨ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠲᠠᠷᠢᠬᠦᠯᠡᠭ᠍ᠴᠢᠳ ᠤᠨ ᠪᠦᠯᠬᠦᠮ ᠤᠨ ᠲᠠᠷᠢᠬᠦᠯᠡᠭ᠍ᠴᠢ ᠪᠠ ᠬᠤᠭᠤᠴᠠᠭ᠎ᠠ ᠰᠤᠯᠢᠬᠤ ᠠᠵᠢᠯ ᠤᠨ ᠬᠢᠨᠠᠨ ᠵᠢᠯᠤᠭᠤᠳᠬᠤ ᠲᠤᠭᠤᠢ᠌ᠯᠠᠩ ᠤᠨ ᠬᠠᠷᠢᠭᠤᠴᠠᠯᠭᠠᠳ᠋ᠠᠨ ᠤ ᠠᠵᠢᠯ ᠤᠨ ᠬᠤᠷᠠᠯ ᠬᠤᠷᠠᠯᠳ᠋ᠤᠭᠤᠯᠵᠤ᠂ ᠰᠢᠨ᠎ᠠ ᠨᠢᠭᠡ ᠬᠤᠭᠤᠴᠠᠭᠠᠨ ᠤ ᠰᠤᠮᠤ ᠪᠠᠯᠭᠠᠰᠤ ᠶᠢᠨ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠠᠩᠬᠠᠳ᠋ᠤᠭᠠᠷ ᠤᠳ᠋ᠠᠭᠠᠨ ᠤ ᠬᠤᠷᠠᠯ ᠤᠨ ᠡᠯ᠎ᠠ ᠵᠤᠢ᠌ᠯ ᠤᠨ ᠶᠠᠪᠤᠳ᠋ᠠᠯ ᠢ ᠲᠤᠰᠬᠠᠢ ᠰᠡᠳ᠋ᠤᠪ ᠶᠢᠡᠨ ᠰᠤᠳ᠋ᠤᠯᠤᠨ ᠪᠠᠢ᠌ᠷᠢᠯᠠᠭᠤᠯᠪᠠ᠃ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠤ ᠴᠢᠩ ᠬᠠᠢ ᠵᠢᠴᠢ ᠬᠤᠰᠢᠭᠤᠨ ᠤ ᠰᠠᠬᠢᠯᠭ᠎ᠠ ᠪᠠᠳ᠋ᠤ ᠪᠠᠢ᠌ᠴᠠᠭᠠᠬᠤ ᠬᠤᠷᠢᠶᠠᠨ ᠤ ᠬᠢᠨᠠᠨ ᠪᠠᠢ᠌ᠴᠠᠭᠠᠬᠤ ᠵᠦ᠋ᠪᠯᠡᠯ᠂ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠢ᠌ᠭᠤᠯᠬᠤ ᠭᠡᠯᠳ᠋ᠡᠰ ᠤᠨ ᠬᠠᠮᠢᠶ᠎ᠠ ᠪᠦᠬᠦᠢ ᠬᠠᠷᠢᠭᠤᠴᠠᠯᠭᠠᠳ᠋ᠠᠨ ᠬᠤᠷᠠᠯ ᠳ᠋ᠥ ᠰᠠᠭᠠᠳ᠋ᠠᠪᠠ᠃ ᠬᠤᠰᠢᠭᠤᠨ ᠤ ᠬᠤᠭᠤᠴᠠᠭ᠎ᠠ ᠰᠤᠯᠢᠬᠤ ᠬᠢᠨᠠᠨ ᠵᠢᠯᠤᠭᠤᠳᠬᠤ ᠲᠤᠭᠤᠢ᠌ᠯᠠᠩ ᠤᠨ ᠬᠠᠷᠢᠭᠤᠴᠠᠯᠭᠠᠳ᠋ᠠᠨ᠂ ᠡᠯ᠎ᠠ ᠰᠤᠮᠤ ᠪᠠᠯᠭᠠᠰᠤ ᠶᠢᠨ ᠠᠷᠠᠳ ᠤᠨ ᠲᠦ᠋ᠯᠤᠭᠡᠯᠡᠭ᠍ᠴᠢᠣᠨ ᠤᠨ ᠶᠡᠭᠡ ᠬᠤᠷᠠᠯ ᠤᠨ ᠲᠠᠷᠢᠬᠦᠯᠡᠭ᠍ᠴᠢᠳ ᠤᠨ ᠪᠦᠯᠬᠦᠮ ᠤᠨ ᠲᠠᠷᠢᠬᠦᠯᠡᠭ᠍ᠴᠢ ᠬᠤᠷᠠᠯ ᠳ᠋ᠥ ᠤᠷᠤᠯᠴᠠᠪᠠ᠃ ᠡᠤ ᠴᠢᠩ ᠬᠠᠢ ᠡᠴᠨ ᠬᠤᠷᠠᠯ ᠡᠷᠬᠢᠯᠡᠪᠡ᠃

ᠬᠤᠷᠠᠯ ᠡᠴᠨ᠂ ᠡᠯ᠎ᠠ ᠰᠤᠮᠤ ᠪᠠᠯᠭᠠᠰᠤ ᠦᠵᠡᠯ ᠰᠠᠨᠠᠭ᠎ᠠ ᠪᠠᠨ ᠨᠢᠭᠡᠳᠭᠡᠵᠤ᠂ ᠲᠠᠨᠢᠯᠳ᠋ᠠ ᠪᠠᠨ ᠲᠠᠭᠡᠭ᠍ᠰᠢᠯᠡᠬᠦᠯᠤᠨ᠂ ᠬᠤᠷᠠᠯ ᠤᠨ ᠪᠠᠯᠡᠳᠭᠡᠯ ᠠᠵᠢᠯ ᠢ ᠰᠠᠢ᠌ᠳ᠋ᠤᠷ ᠬᠢᠬᠦ ᠡᠬᠦᠷᠭᠡ ᠬᠠᠷᠢᠭᠤᠴᠠᠯᠭᠠᠳ᠋ᠤ ᠰᠡᠳᠭᠢᠯᠭᠡ ᠪᠠᠨ ᠨᠡᠮᠡᠭ᠍ᠳ᠋ᠡᠬᠦᠯᠬᠦ ᠭᠡᠷᠡᠭ᠍ᠳ᠋ᠡᠢ᠃ ᠬᠠᠤᠯᠢ ᠴᠠᠭᠠᠵᠨ ᠶᠢᠨ ᠤᠬᠠᠮᠰᠠᠷ ᠶᠢᠡᠨ ᠪᠠᠳ᠋ᠤ ᠪᠠᠬᠢ ᠪᠤᠢ ᠪᠤᠯᠭᠠᠵᠤ᠂ ᠰᠠᠬᠢᠯᠭ᠎ᠠ ᠪᠠᠳ᠋ᠤ ᠶᠢ ᠴᠢᠩᠭ᠋ᠠᠷᠠᠭᠤᠯᠤᠨ᠂ ᠰᠤᠩᠭ᠋ᠤᠭᠤᠯᠢ ᠶᠢᠨ ᠭᠤᠭᠴᠤᠭ᠎ᠠ ᠶᠢ ᠴᠢᠩᠭ᠎ᠠ ᠠᠳᠬᠤᠵᠤ᠂ ᠰᠤᠩᠭ᠋ᠤᠭᠤᠯᠢ ᠶᠢᠨ ᠰᠠᠬᠢᠯᠭ᠎ᠠ ᠪᠠᠳ᠋ᠤ ᠶᠢ ᠲᠠᠷᠢᠬᠦᠨ ᠪᠠᠢ᠌ᠷᠢᠨ ᠳ᠋ᠥ ᠲᠠᠯᠪᠢᠨ᠂ ᠡᠯ᠎ᠠ ᠵᠤᠢ᠌ᠯ ᠤᠨ ᠮᠠᠭᠤ ᠨᠦ᠋ᠯᠤᠭᠡ ᠶᠢ ᠡᠷᠡᠰ ᠲᠠᠪᠴᠢᠵᠤ᠂ ᠶᠡᠭᠡ ᠬᠤᠷᠠᠯ ᠤᠨ ᠪᠠᠯᠡᠳᠭᠡᠯ ᠠᠵᠢᠯ ᠤᠨ ᠤᠷᠤᠭᠰᠢᠳ᠋ᠠᠢ ᠪᠠᠶᠡᠯᠡᠭ᠍ᠳ᠋ᠡᠬᠦ ᠶᠢ ᠪᠠᠳ᠋ᠤᠯᠠᠬᠤ ᠭᠡᠷᠡᠭ᠍ᠳ᠋ᠡᠢ ᠭᠡᠵᠤ ᠴᠢᠬᠤᠯᠠᠴᠢᠯᠠᠵᠠᠢ᠃
ᠬᠤᠷᠠᠯ ᠲᠠᠭᠡᠷ᠎ᠠ᠂ ᠡᠯ᠎ᠠ ᠰᠤᠮᠤ ᠪᠠᠯᠭᠠᠰᠤ ᠶᠢᠨ ᠰᠢᠨ᠎ᠠ ᠨᠢᠭᠡ ᠬᠤᠭᠤᠴᠠᠭᠠᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠠᠩᠬᠠᠳ᠋ᠤᠭᠠᠷ ᠬᠤᠷᠠᠯ ᠤᠨ ᠡᠯ᠎ᠠ ᠵᠤᠢ᠌ᠯ ᠤᠨ ᠬᠤᠷᠠᠯ ᠤᠨ ᠡᠮᠤᠨᠡᠬᠢ ᠠᠵᠢᠯ ᠤᠨ ᠠᠬᠢᠴᠨ ᠶᠢᠨ ᠪᠠᠢ᠌ᠳ᠋ᠠᠯ ᠢ ᠰᠤᠨᠤᠰᠪᠠ᠃ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠰᠤᠩᠭ᠋ᠤᠭᠤᠯᠢ ᠶᠢᠨ ᠶᠠᠪᠤᠳ᠋ᠠᠯ ᠤᠨ ᠬᠠᠷᠢᠯᠴᠠᠬᠤ ᠠᠵᠢᠯ ᠤᠨ ᠵᠦ᠋ᠪᠯᠡᠯ ᠤᠨ ᠬᠠᠷᠢᠭᠤᠴᠠᠯᠭᠠᠳ᠋ᠠᠨ ᠡᠴᠨ ᠰᠢᠨ᠎ᠠ ᠨᠢᠭᠡ ᠬᠤᠭᠤᠴᠠᠭᠠᠨ ᠤ ᠰᠤᠮᠤ ᠪᠠᠯᠭᠠᠰᠤ ᠶᠢᠨ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠠᠩᠬᠠᠳ᠋ᠤᠭᠠᠷ ᠬᠤᠷᠠᠯ ᠤᠨ ᠪᠡᠯᠡᠳᠭᠡᠭ᠍ᠰᠨᠨ ᠵᠢᠯᠤᠭᠤᠳᠬᠤ ᠲᠦ᠋ᠰᠤᠪ ᠢ ᠤᠩᠰᠢᠨ ᠨᠡᠪᠳ᠋ᠡᠷᠡᠭᠡᠵᠤ ᠲᠠᠢ᠌ᠯᠪᠤᠷᠢᠯᠠᠪᠠ᠃ ᠬᠤᠰᠢᠭᠤᠨ ᠤ ᠰᠠᠬᠢᠯᠭ᠎ᠠ ᠪᠠᠳ᠋ᠤ ᠪᠠᠢ᠌ᠴᠠᠭᠠᠬᠤ ᠬᠤᠷᠢᠶᠠᠨ ᠤ ᠬᠢᠨᠠᠨ ᠵᠦ᠋ᠪᠯᠡᠬᠦ ᠵᠦ᠋ᠪᠯᠡᠯ᠂ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠢ᠌ᠭᠤᠯᠬᠤ ᠭᠡᠯᠳ᠋ᠡᠰ ᠤᠨ ᠬᠠᠮᠢᠶ᠎ᠠ ᠪᠦᠬᠦᠢ ᠬᠠᠷᠢᠭᠤᠴᠠᠯᠭᠠᠳ᠋ᠠᠨ ᠡᠴᠨ ᠲᠤᠰᠪᠤᠷᠢ ᠬᠤᠭᠤᠴᠠᠭ᠎ᠠ ᠰᠤᠯᠢᠬᠤ ᠰᠠᠬᠢᠯᠭ᠎ᠠ ᠪᠠᠳ᠋ᠤ᠂ ᠰᠢᠨ᠎ᠠ ᠨᠢᠭᠡ ᠬᠤᠭᠤᠴᠠᠭᠠᠨ ᠤ ᠰᠤᠮᠤ ᠪᠠᠯᠭᠠᠰᠤ ᠶᠢᠨ ᠵᠠᠰᠠᠭ ᠤᠨ ᠤᠷᠳ᠋ᠤᠨ ᠤ ᠤᠳ᠋ᠤᠷᠢᠳᠬᠤ ᠪᠠᠭ ᠤᠨ ᠲᠤᠭᠳ᠋ᠠᠭᠰᠠᠨᠨ ᠵᠦ᠋ᠷᠢᠶᠡᠳ᠋ᠤ ᠲᠤᠭᠠᠨ ᠤ ᠵᠢᠱᠢᠭ᠍ᠳ᠋ᠡᠭ᠍ᠴᠢ ᠶᠢᠨ ᠪᠠᠢ᠌ᠳ᠋ᠠᠯ ᠢ ᠲᠤᠬᠢᠷᠠᠭᠤᠯᠤᠯᠳ᠋ᠠ ᠪᠠ ᠲᠤᠳ᠋ᠤᠷᠬᠠᠢ᠌ᠯᠠᠯᠳ᠋ᠠ ᠬᠢᠬᠦ ᠶᠢ ᠴᠢᠩᠭ᠋ᠠᠳᠬᠠᠪᠠ᠃ (ᠳ᠋ᠠᠢ ᠰᠢᠶᠦ᠋ᠩ)