ᠬᠣᠰᠢᠭᠤᠨ ᠤ ᠠᠷᠠᠳ ᠤᠨ ᠲᠥᠯᠥᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢᠶ᠎ᠠ ᠲᠥᠰᠦᠪ ᠤᠨ ᠰᠦ᠋ᠯᠵᠢᠶᠡᠨ ᠤ ᠬᠢᠨᠠᠯᠲᠠ ᠲᠠᠯᠪᠢᠬᠤ ᠰᠢᠰᠲ᠋ᠧᠮ ᠤᠨ ᠰᠦ᠋ᠯᠵᠢᠶ᠎ᠠ ᠪᠠᠷ ᠠᠵᠢᠯᠯᠠᠬᠤ ᠶᠣᠰᠣᠯᠠᠯ ᠶᠠᠪᠤᠭᠤᠯᠪᠠ

11 ᠰᠠᠷ᠎ᠠ ᠶᠢᠨ 24 ᠤ ᠡᠳ᠋ᠦᠷ᠂ ᠬᠣᠰᠢᠭᠤᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢᠶ᠎ᠠ ᠲᠥᠰᠦᠪ ᠤᠨ ᠰᠦ᠋ᠯᠵᠢᠶᠡᠨ ᠤ ᠬᠢᠨᠠᠯᠲᠠ ᠲᠠᠯᠪᠢᠬᠤ ᠰᠢᠰᠲ᠋ᠧᠮ ᠢ ᠰᠦ᠋ᠯᠵᠢᠶᠡᠨ ᠳ᠋ᠦ ᠣᠷᠣᠭᠤᠯᠤᠨ ᠠᠵᠢᠯᠯᠠᠭᠤᠯᠬᠤ ᠶᠣᠰᠣᠯᠠᠯ ᠶᠠᠪᠤᠭᠤᠯᠪᠠ᠃ ᠬᠣᠰᠢᠭᠤᠨ ᠤ ᠤᠳ᠋ᠤᠷᠢᠳ᠋ᠤᠯᠭ᠎ᠠ ᠡᠦ ᠴᠢᠩ ᠬᠠᠢ᠂ ᠪᠠᠲᠤ᠂ ᠪᠣᠣ ᠯᠦ᠋ᠩ᠂ ᠼᠦ᠋ᠢ ᠯᠸᠢ ᠯᠸᠢ᠂ ᠵᠠᠩ ᠶᠦ᠋ᠩ ᠴᠢᠶᠠᠩ ᠬᠤᠷᠠᠯ ᠳᠤ ᠣᠷᠣᠯᠴᠠᠪᠠ᠃ ᠬᠣᠰᠢᠭᠤᠨ ᠤ ᠬᠣᠯᠪᠣᠭᠳ᠋ᠠᠯ ᠪᠦᠬᠦᠢ ᠪᠠᠢ᠌ᠭᠤᠯᠭ᠎ᠠ᠂ ᠬᠡᠰᠡᠭ᠌ ᠮᠥᠩᠭᠥᠨ ᠬᠦᠢᠯᠭᠡᠭᠡᠨ ᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠬᠣᠰᠢᠭᠤᠨ ᠤ ᠠᠷᠠᠳ ᠤᠨ ᠲᠥᠯᠥᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ᠂ ᠡᠷᠬᠢᠯᠡᠭ᠍ᠴᠢ ᠡᠦ ᠴᠢᠩ ᠬᠠᠶ᠂ ᠬᠣᠰᠢᠭᠤᠨ ᠤ ᠨᠠᠮ ᠤᠨ ᠬᠣᠷᠢᠶᠠᠨ ᠤ ᠪᠠᠢ᠌ᠩᠭ᠋ᠤ ᠶᠢᠨ ᠭᠡᠰᠢᠭᠦᠨ᠂ ᠬᠣᠰᠢᠭᠤᠨ ᠳᠡᠳ᠋ ᠳᠠᠷᠤᠭ᠎ᠠ ᠪᠠᠲᠤ᠂ ᠬᠣᠰᠢᠭᠤᠨ ᠤ ᠠᠷᠠᠳ ᠤᠨ ᠲᠥᠯᠥᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠥᠰᠦᠪ ᠤᠨ ᠰᠦ᠋ᠯᠵᠢᠶᠡᠨ ᠤ ᠬᠢᠨᠠᠯᠲᠠ ᠲᠠᠯᠪᠢᠬᠤ ᠲᠥᠪ ᠤᠨ ᠬᠥᠰᠢᠭᠡ ᠶᠢ ᠰᠡᠬᠦᠪᠡ ᠃

ᠬᠣᠰᠢᠭᠤᠨ ᠤ ᠠᠷᠠᠳ ᠤᠨ ᠲᠥᠯᠥᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢᠶᠠᠨ ᠤ ᠨᠠᠮ ᠤᠨ ᠤᠳ᠋ᠤᠷᠢᠳᠬᠤ ᠳᠤᠭᠤᠢ᠌ᠯᠠᠩ ᠤᠨ ᠪᠦᠷᠢᠯᠳ᠋ᠦᠬᠦᠨ ᠭᠡᠰᠢᠬᠦᠨ᠂ ᠲᠠᠳ᠋ ᠡᠷᠬᠢᠯᠡᠭ᠍ᠴᠢ ᠶᠢᠨ ᠵᠢᠱᠢᠭ᠍ᠳ᠋ᠡᠭ᠍ᠴᠢ ᠪᠤᠤ ᠯᠦ᠋ᠩ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠦ᠋ᠰᠤᠪ ᠤᠨ ᠰᠦ᠋ᠯᠵᠢᠶᠠᠨ ᠤ ᠬᠢᠨᠠᠯᠳ᠋ᠠ ᠲᠠᠯᠪᠢᠬᠤ ᠰᠢᠰᠲ᠋ᠸᠮ ᠤᠨ ᠰᠦ᠋ᠯᠵᠢᠶ᠎ᠠ ᠪᠠᠷ ᠠᠵᠢᠯᠯᠠᠬᠤ ᠶᠤᠰᠤᠯᠡᠯ ᠲᠠᠭᠡᠷ᠎ᠠ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠲᠦ᠋ᠰᠤᠪ ᠤᠨ ᠰᠦ᠋ᠯᠵᠢᠶᠠᠨ ᠤ ᠬᠢᠨᠠᠯᠳ᠋ᠠ ᠲᠠᠯᠪᠢᠬᠤ ᠶᠢ ᠦᠷᠨᠢᠬᠦᠯᠬᠦ ᠪᠤᠯ ᠰᠢᠨ᠎ᠠ ᠴᠠᠭ ᠦᠶ᠎ᠠ ᠶᠢᠨ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠲᠦ᠋ᠰᠤᠪ ᠤᠨ ᠬᠢᠨᠠᠯᠳ᠋ᠠ ᠲᠠᠯᠪᠢᠬᠤ ᠠᠵᠢᠯ ᠤᠨ ᠬᠢᠷᠢ ᠲᠦ᠋ᠪᠰᠢᠨ ᠢ ᠲᠠᠭᠡᠭ᠍ᠰᠢᠯᠡᠬᠦᠯᠬᠦ ᠪᠠᠴᠢᠮ ᠲᠤᠯᠭᠠᠮ᠎ᠠ ᠱᠠᠭᠠᠷᠳ᠋ᠠᠯᠭ᠎ᠠ ᠮᠦ᠋ᠨ᠂ 《ᠲᠦ᠋ᠰᠤᠪ ᠤᠨ ᠬᠠᠤᠯᠢ》 ᠶᠢ ᠬᠦᠨᠵᠡᠭᠡᠢ ᠲᠤᠭᠤᠰᠢᠯᠠᠭᠤᠯᠤᠨ ᠨᠠᠢ᠌ᠳ᠋ᠠᠪᠤᠷᠢᠵᠢᠭᠤᠯᠵᠤ᠂ ᠲᠦ᠋ᠷᠢᠮᠵᠢᠭ᠍ᠰᠨᠨ᠂ ᠢᠯᠨ ᠲᠤᠳ᠋ᠤ ᠲᠦ᠋ᠰᠤᠪ ᠤᠨ ᠲᠦ᠋ᠷᠢᠮ ᠢ ᠪᠠᠢ᠌ᠭᠤᠯᠬᠤ ᠵᠠᠢ᠌ᠯᠠᠰᠢ ᠦᠭᠡᠶ ᠱᠠᠭᠠᠷᠳ᠋ᠠᠯᠭ᠎ᠠ ᠪᠤᠯᠤᠨ᠎ᠠ᠃ ᠲᠦ᠋ᠰᠤᠪ ᠤᠨ ᠰᠦ᠋ᠯᠵᠢᠶᠠᠨ ᠤ ᠬᠢᠨᠠᠯᠳ᠋ᠠ ᠲᠠᠯᠪᠢᠬᠤ ᠠᠵᠢᠯ ᠤᠨ ᠴᠢᠬᠤᠯᠨ ᠠᠴᠢ ᠬᠤᠯᠪᠤᠭᠳ᠋ᠠᠯ ᠢ ᠬᠦᠢᠴᠡᠳ ᠲᠠᠨᠢᠵᠤ᠂ ᠲᠦ᠋ᠰᠤᠪ ᠤᠨ ᠰᠦ᠋ᠯᠵᠢᠶᠠᠨ ᠤ ᠬᠢᠨᠠᠯᠳ᠋ᠠ ᠲᠠᠯᠪᠢᠬᠤ ᠠᠵᠢᠯ ᠢ ᠯᠠᠪᠳ᠋ᠠᠭᠤᠨ ᠪᠠᠳ᠋ᠤᠳ᠋ᠠᠢ ᠠᠬᠢᠭᠤᠯᠤᠨ᠂ ᠡᠳ᠋ ᠤᠨ ᠵᠠᠰᠠᠭ ᠤᠨ ᠲᠦ᠋ᠰᠤᠪ ᠤᠨ ᠤᠨ ᠬᠠᠮᠢᠶᠠᠷᠤᠯᠳ᠋ᠠ ᠶᠢᠨ ᠲᠦ᠋ᠪᠰᠢᠨ ᠢ ᠲᠠᠭᠡᠭ᠍ᠰᠢᠯᠡᠬᠦᠯᠬᠦ ᠭᠡᠷᠡᠭ᠍ᠳ᠋ᠡᠢ ᠭᠡᠵᠡᠢ᠃

ᠪᠤᠤ ᠯᠦ᠋ᠩ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭ᠍ᠴᠢᠳ ᠤᠨ ᠶᠡᠬᠡ ᠬᠤᠷᠠᠯ ᠤᠨ ᠲᠥᠰᠦᠪ ᠤᠨ ᠰᠦ᠋ᠯᠵᠢᠶᠠᠨ ᠤ ᠠᠵᠢᠯ ᠢ ᠬᠡᠷᠡᠭ᠍ᠵᠢᠭᠦᠯᠬᠦ ᠪᠣᠳ᠋ᠠᠲᠠᠶ ᠱᠠᠭᠠᠷᠳ᠋ᠠᠯᠭ᠎ᠠ ᠶᠢ ᠣᠨᠣᠪᠴᠢᠲᠠᠶ ᠡᠵᠡᠮᠳ᠋ᠡᠵᠦ᠂ ᠬᠠᠮᠢᠶ᠎ᠠ ᠪᠥᠬᠥᠶ ᠲᠥᠷᠥ ᠶᠢᠨ ᠪᠣᠳ᠋ᠣᠯᠭ᠎ᠠ ᠬᠠᠤᠯᠢ ᠲᠣᠭᠲᠠᠭᠠᠯ ᠢ ᠰᠠᠢ᠌ᠲᠤᠷ ᠰᠤᠷᠤᠯᠴᠠᠨ ᠰᠠᠢ᠌ᠲᠤᠷ ᠡᠵᠡᠮᠰᠢᠵᠦ᠂ ᠲᠣᠰ ᠲᠣᠰ ᠤᠨ ᠠᠵᠢᠯ ᠤᠨ ᠬᠠᠷᠠᠯᠲᠠ᠂ ᠭᠣᠤᠯᠳ᠋ᠠᠯᠭᠠ ᠲᠠᠶ ᠡᠭᠦᠷᠭᠡ ᠪᠡᠨ ᠲᠣᠳ᠋ᠣᠷᠬᠠᠢ᠌ᠯᠠᠨ᠂ ᠵᠣᠬᠢᠴᠠᠩᠭ᠋ᠤᠶ ᠠᠵᠢᠯ ᠤᠨ ᠲᠥᠯᠥᠪᠯᠡᠭᠡ ᠪᠠ ᠠᠬᠢᠭᠤᠯᠬᠤ ᠠᠷᠭ᠎ᠠ ᠬᠡᠮᠵᠢᠶ᠎ᠠ ᠲᠣᠭᠲᠠᠭᠠᠬᠤ ᠬᠡᠷᠡᠭ᠍ᠲᠡᠶ᠃ ᠰᠦ᠋ᠯᠵᠢᠶᠡᠨ ᠤ ᠰᠣᠷᠠᠭ ᠵᠠᠩᠭᠢ ᠶᠢ ᠵᠥᠪ ᠬᠡᠷᠡᠭᠯᠡᠨ᠂ ᠰᠦ᠋ᠯᠵᠢᠶᠡᠨ ᠤ ᠲᠣᠭ᠎ᠠ ᠪᠠᠷᠢᠮᠲᠠ ᠪᠠᠷ ᠳᠠᠮᠵᠢᠭᠤᠯᠤᠨ᠂ ᠲᠣᠭ᠎ᠠ ᠪᠠᠷᠢᠮᠲᠠ ᠶᠢᠨ ᠬᠣᠭᠣᠷᠣᠨᠳ᠋ᠣᠬᠢ ᠬᠣᠯᠪᠣᠯᠳ᠋ᠤᠬᠤ ᠴᠢᠨᠠᠷ ᠢ ᠢᠯᠡᠷᠡᠭᠦᠯᠵᠦ᠂ ᠠᠰᠠᠭᠤᠳ᠋ᠠᠯ ᠤᠨ ᠮᠥᠨ ᠴᠢᠨᠠᠷ ᠢ ᠣᠨᠣᠪᠴᠢᠲᠠᠢ ᠡᠷᠢᠨ ᠣᠯᠵᠤ᠂ ᠠᠰᠠᠭᠤᠳ᠋ᠠᠯ ᠤᠨ ᠦᠨᠳ᠋ᠦᠰᠦ ᠰᠤᠷᠪᠤᠯᠵᠢ ᠶᠢ ᠵᠠᠳ᠋ᠠᠯᠤᠨ᠂ ᠪᠠᠢ᠌ᠭᠤᠯᠤᠯ ᠲᠣᠭᠲᠠᠴᠠ ᠳᠦ᠋ᠷᠢᠮ ᠤᠨ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠬᠤ ᠶᠢ ᠴᠢᠬᠤᠯᠠᠴᠢᠯᠠᠵᠤ᠂ ᠠᠷᠠᠳ ᠤᠨ ᠲᠥᠯᠥᠭᠡᠯᠡᠭ᠍ᠴᠢᠳ ᠤᠨ ᠶᠡᠬᠡ ᠬᠤᠷᠠᠯ ᠵᠢᠴᠢ ᠲᠡᠭᠦᠨ ᠤ ᠪᠠᠢ᠌ᠩᠭ᠋ᠤ ᠶᠢᠨ ᠬᠣᠷᠢᠶᠠᠨ ᠤ ᠲᠥᠰᠦᠪ ᠢ ᠬᠢᠨᠠᠨ ᠵᠥᠪᠰᠢᠶᠡᠷᠡᠬᠦ ᠪᠠ ᠲᠥᠰᠦᠪ ᠤᠨ ᠬᠦᠢᠴᠡᠳᠭᠡᠯ ᠳ᠋ᠦ ᠬᠢᠨᠠᠯᠲᠠ ᠲᠠᠯᠪᠢᠬᠤ ᠳᠤ ᠤᠨᠤᠪᠴᠢᠳ᠋ᠠᠢ ᠪᠠ ᠰᠢᠨᠵᠢᠯᠡᠬᠦ ᠤᠬᠠᠭᠠᠨᠴᠢ ᠯᠠᠪᠯᠠᠯᠲᠠ ᠶᠢᠨ ᠦᠨᠳ᠋ᠦᠰᠦᠯᠡᠯ ᠬᠠᠩᠭ᠋ᠠᠬᠤ ᠭᠡᠷᠡᠭ᠍ᠳ᠋ᠡᠢ᠃ ᠲᠦ᠋ᠰᠤᠪ ᠤᠨ ᠰᠦ᠋ᠯᠵᠢᠶᠠᠨ ᠤ ᠬᠢᠨᠠᠯᠳ᠋ᠠ ᠲᠠᠯᠪᠢᠬᠤ ᠠᠵᠢᠯ ᠲᠤᠮᠳ᠋ᠠ᠂ ᠠᠮᠤᠷ ᠲᠦ᠋ᠪᠰᠢᠨ ᠪᠠ ᠨᠢᠭᠤᠴᠨ ᠶᠢ ᠬᠠᠮᠠᠭᠠᠯᠠᠬᠤ ᠰᠡᠷᠭᠡᠢ᠌ᠯᠡᠨ ᠡᠵᠡᠮᠳ᠋ᠡᠬᠦ ᠶᠢ ᠴᠢᠩᠭ᠋ᠠᠳᠬᠠᠵᠤ᠂ ᠪᠠᠢ᠌ᠴᠠᠭᠠᠨ ᠯᠠᠪᠯᠠᠬᠤ ᠰᠣᠷᠠᠭ ᠵᠠᠩᠭᠢ ᠶᠢᠨ ᠪᠦᠷᠢᠨ ᠪᠦᠲᠦᠨ ᠴᠢᠨᠠᠷ ᠪᠠ ᠲᠣᠭ᠎ᠠ ᠪᠠᠷᠢᠮᠲᠠ ᠶᠢᠨ ᠰᠢᠰᠲ᠋ᠧᠮ ᠤᠨ ᠠᠮᠤᠷ ᠲᠦ᠋ᠪᠰᠢᠨ ᠨᠢᠭᠤᠴᠠ ᠶᠢ ᠬᠠᠮᠠᠭᠠᠯᠠᠬᠤ ᠴᠢᠨᠠᠷ ᠤᠨ ᠬᠠᠷᠢᠴᠠᠭ᠎ᠠ ᠶᠢ ᠲᠣᠬᠢᠲᠠᠶ ᠰᠠᠢ᠌ᠲᠤᠷ ᠰᠢ᠌ᠳᠪᠤᠷᠢᠯᠡᠬᠦ ᠭᠡᠷᠡᠭ᠍ᠳ᠋ᠡᠢ᠃ ᠵᠥᠪ ᠪᠥᠭᠡᠳ ᠪᠦᠲᠦᠮᠵᠢᠲᠡᠢ ᠬᠢᠨᠠᠯᠲᠠ ᠲᠠᠯᠪᠢᠬᠤ ᠶᠢ ᠬᠡᠷᠡᠭ᠍ᠵᠢᠭᠦᠯᠵᠦ᠂ ᠬᠢᠨᠠᠯᠲᠠ ᠲᠠᠯᠪᠢᠬᠤ ᠠᠵᠢᠯ ᠤᠨ ᠳᠤᠮᠳ᠋ᠠ ᠣᠷᠣᠰᠢᠵᠤ ᠪᠠᠢ᠌ᠭ᠎ᠠ ᠲᠤᠪᠤᠢ᠌ᠮ᠎ᠠ ᠠᠰᠠᠭᠤᠳ᠋ᠠᠯ ᠢ ᠬᠦᠴᠦᠯᠡᠨ ᠰᠢ᠌ᠳᠪᠤᠷᠢᠯᠡᠬᠦ ᠭᠡᠷᠡᠭ᠍ᠳ᠋ᠡᠢ᠃ ᠠᠯᠬᠤᠮ ᠠᠯᠬᠤᠮ ᠶᠢᠡᠷ ᠨᠥᠬᠥᠴᠡᠯ ᠪᠦᠷᠢᠯᠳ᠋ᠦᠭᠦᠯᠵᠦ ᠪᠠᠢ᠌ᠭᠠᠳ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠲᠥᠯᠥᠭᠡᠯᠡᠭ᠍ᠴᠢᠳ ᠢ ᠣᠷᠣᠯᠴᠠᠭᠤᠯᠵᠤ᠂ ᠲᠥᠰᠦᠪ ᠤᠨ ᠬᠦᠢᠴᠡᠳᠭᠡᠯ ᠢ ᠠᠷᠠᠳ ᠤᠯᠡᠠ ᠤ ᠬᠢᠨᠠᠯᠲᠠ ᠶᠢᠨ ᠳᠣᠣᠷ᠎ᠠ ᠪᠠᠢ᠌ᠯᠭᠠᠵᠤ᠂ 《ᠲᠥᠰᠦᠪ ᠤᠨ ᠬᠠᠤᠯᠢ》 《ᠬᠢᠨᠠᠯᠲᠠ ᠲᠠᠯᠪᠢᠬᠤ ᠬᠠᠤᠯᠢ》 ᠶᠢ ᠪᠦᠲᠦᠮᠵᠢᠲᠡᠢ ᠬᠡᠷᠡᠭ᠍ᠵᠢᠭᠦᠯᠬᠦ ᠶᠢ ᠦᠨᠡᠨ ᠬᠦ ᠪᠠᠲᠤᠯᠠᠵᠤ᠂ ᠬᠠᠤᠯᠢ ᠶᠣᠰᠣᠭᠠᠷ ᠡᠳ᠋ ᠤᠨ ᠶᠠᠪᠤᠳ᠋ᠠᠯ ᠢ ᠬᠠᠮᠢᠶᠠᠷᠬᠤ ᠬᠢᠷᠢ ᠬᠡᠮᠵᠢ᠌ᠠ ᠪᠡᠨ ᠳᠡᠭᠡᠭ᠍ᠰᠢᠯᠡᠭᠦᠯᠬᠦ ᠬᠡᠷᠡᠭ᠍ᠲᠡᠢ ᠭᠡᠵᠤ ᠱᠠᠭᠠᠷᠳ᠋ᠠᠵᠠᠢ᠃


ᠶᠣᠰᠣᠯᠠᠯ ᠳᠡᠭᠡᠷ᠎ᠠ᠂ ᠲᠥᠰᠦᠪ ᠤᠨ ᠰᠦ᠋ᠯᠵᠢᠶᠠᠨ ᠤ ᠬᠢᠨᠠᠯᠲᠠ ᠲᠠᠯᠪᠢᠬᠤ ᠰᠢᠰᠲ᠋ᠧᠮ ᠤᠨ ᠵᠥᠭᠡᠯᠡᠨ ᠲᠣᠨᠣᠭ ᠢ ᠬᠠᠩᠭ᠋ᠠᠭᠰᠠᠨ ᠲᠠᠯ᠎ᠠ ᠶᠢᠨ ᠪᠡᠭᠡᠵᠢᠩ ᠤᠨ ᠶᠦ᠋ᠩ ᠶᠢᠦ ᠵᠠᠰᠠᠭ ᠤᠨ ᠶᠠᠪᠤᠳ᠋ᠠᠯ ᠤᠨ ᠵᠥᠭᠡᠯᠡᠨ ᠲᠣᠨᠣᠭ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠮᠡᠷᠭᠡᠵᠢᠯ ᠤᠨ ᠠᠵᠢᠯᠲᠠᠨ ᠠᠷᠠᠳ ᠤᠨ ᠲᠥᠯᠥᠭᠡᠯᠡᠭ᠍ᠴᠢᠳ ᠤᠨ ᠶᠡᠬᠡ ᠬᠤᠷᠠᠯ ᠤᠨ ᠲᠥᠰᠦᠪ ᠤᠨ ᠰᠦ᠋ᠯᠵᠢᠶᠠᠨ ᠤ ᠬᠢᠨᠠᠯᠲᠠ ᠲᠠᠯᠪᠢᠬᠤ ᠰᠢᠰᠲ᠋ᠧᠮ ᠤᠨ ᠴᠢᠳ᠋ᠠᠮᠵᠢ ᠶᠢᠨ ᠲᠣᠢ᠌ᠮᠣ ᠪᠠᠢ᠌ᠳ᠋ᠠᠯ ᠢ ᠲᠠᠨᠢᠯᠴᠠᠭᠤᠯᠤᠭᠰᠠᠨ ᠪᠥᠭᠡᠳ ᠲᠤᠬᠠᠶ ᠶᠢᠨ ᠲᠠᠯᠠᠪᠤᠷ ᠤᠨ ᠦᠵᠡᠭᠦᠯᠭᠡ ᠬᠢᠵᠡᠶ᠃ (ᠳ᠋ᠠᠢ ᠰᠢᠶᠦ᠋ᠩ)