ᠤᠳᠤ ᠶᠢᠨ ᠪᠠᠢ᠌ᠷᠢ᠄ ᠪᠠᠢ᠌ᠩᠭᠤ ᠶᠢᠨ ᠬᠤᠷᠢᠶᠠᠨ ᠤ ᠠᠵᠢᠯ → ᠵᠠᠷᠤᠤᠨ ᠬᠤᠰᠢᠭᠤᠨ ᠤ ᠠᠷᠪᠠᠨ ᠵᠢᠷᠭᠤᠳ᠋ᠤᠭᠠᠷ᠁
ᠵᠠᠷᠤᠤᠨ ᠬᠤᠰᠢᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠤᠷᠢᠨ ᠨᠢ᠋ᠮᠠᠳ᠋ᠤᠭᠠᠷ ᠬᠤᠷᠠᠯ ᠬᠤᠷᠠᠯᠳ᠋ᠤᠪᠠ

                 
                  11 ᠰᠠᠷ᠎ᠠ ᠶᠢᠨ 25 ᠤ ᠡᠳ᠋ᠤᠷ᠂ ᠵᠠᠷᠤᠤᠨ ᠬᠤᠰᠢᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠤᠷᠢᠨ ᠨᠢ᠋ᠮᠠᠳ᠋ᠤᠭᠠᠷ ᠬᠤᠷᠠᠯ ᠬᠤᠷᠠᠯᠳ᠋ᠤᠪᠠ᠃ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠤ ᠴᠢᠩ ᠬᠠᠢ ᠬᠤᠷᠠᠯ ᠡᠷᠬᠢᠯᠡᠵᠤ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠤᠳ᠋ᠤᠷᠢᠳ᠋ᠤᠯᠭ᠎ᠠ ᠡᠤ ᠰᠢᠶᠤᠤ ᠬᠤᠷᠠᠯ ᠳ᠋ᠥ ᠤᠷᠤᠯᠴᠠᠨ᠂ ᠬᠤᠰᠢᠭᠤᠨ ᠤ ᠤᠳ᠋ᠤᠷᠢᠳ᠋ᠤᠯᠭ᠎ᠠ ᠯᠢᠤ ᠶᠤᠤ᠂ ᠪᠤᠤ ᠯᠦ᠋ᠩ᠂ ᠼᠦ᠋ᠢ ᠯᠸᠢ ᠯᠸᠢ᠂ ᠵᠠᠩ ᠶᠦ᠋ᠩ ᠴᠢᠶᠠᠩ ᠪᠤᠯᠤᠨ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠢ᠌ᠭᠤᠯᠬᠤ ᠭᠡᠯᠳ᠋ᠡᠰ᠂ 〈ᠨᠢᠭᠡ ᠵᠦ᠋ᠪᠯᠡᠯ ᠬᠤᠶᠠᠷ ᠬᠤᠷᠢᠶ᠎ᠠ〉 ᠶᠢᠨ ᠬᠠᠮᠢᠶ᠎ᠠ ᠪᠦᠬᠦᠢ ᠬᠠᠷᠢᠭᠤᠴᠠᠯᠭᠠᠳ᠋ᠠᠨ ᠵᠢᠴᠢ ᠭᠡᠰᠡᠭ᠌ ᠬᠤᠰᠢᠭᠤᠨ ᠤ ᠵᠠᠰᠠᠭ ᠤᠨ ᠤᠷᠳ᠋ᠤᠨ ᠤ ᠪᠦᠷᠢᠯᠳ᠋ᠤᠬᠦᠨ ᠰᠠᠯᠠᠭ᠎ᠠ ᠮᠦ᠋ᠴᠢᠷ ᠤᠨ ᠬᠠᠷᠢᠭᠤᠴᠠᠯᠭᠠᠳ᠋ᠠᠨ ᠬᠤᠷᠠᠯ ᠳ᠋ᠥ ᠰᠤᠯᠨ ᠤᠷᠤᠯᠴᠠᠪᠠ᠃

              

            ᠬᠤᠷᠠᠯ ᠡᠴᠨ ᠲᠦ᠋ᠪ ᠤᠨ ᠦᠨᠳ᠋ᠤᠰᠤᠳ᠋ᠠᠨ ᠤ ᠠᠵᠢᠯ ᠤᠨ ᠬᠤᠷᠠᠯ᠂ ᠲᠦ᠋ᠪ ᠤᠨ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃

              

              

              ᠬᠤᠷᠠᠯ ᠡᠴᠨ ᠠᠵᠢᠯᠳ᠋ᠠᠨ ᠤ ᠶᠠᠪᠤᠳ᠋ᠠᠯ ᠤᠨ ᠲᠤᠰᠢᠶᠠᠯ ᠳ᠋ᠥ ᠲᠤᠮᠢᠯᠠᠬᠤ ᠪᠠᠭᠤᠯᠭᠠᠬᠠᠤ ᠶᠢ ᠶᠠᠪᠤᠭᠳ᠋ᠠᠭᠤᠯᠵᠤ᠂ ᠰᠦ᠋ᠩ ᠯᠢᠶᠠᠨ ᠡᠾᠦ᠋ᠢ ᠶᠢᠨ ᠬᠤᠰᠢᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠠᠳ᠋ ᠡᠷᠬᠢᠯᠡᠭ᠍ᠴᠢ ᠶᠢᠨ ᠲᠤᠰᠢᠶᠠᠯ ᠡᠴᠨ ᠪᠠᠭᠤᠬᠤ ᠶᠢ ᠵᠦ᠋ᠪᠰᠢᠶᠡᠷᠡᠪᠡ᠃ ᠠᠯᠳ᠋ᠠᠨᠸᠴᠢᠷ ᠤᠨ ᠬᠠᠷᠢᠭᠤᠴᠠᠭᠰᠨᠨ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠢᠨᠠᠨ ᠪᠠᠢ᠌ᠴᠠᠭᠠᠬᠤ ᠪᠠ ᠬᠠᠤᠯᠢ ᠴᠠᠭᠠᠵᠨ ᠶᠢᠨ ᠠᠵᠢᠯ ᠤᠨ ᠵᠦ᠋ᠪᠯᠡᠯ ᠤᠨ ᠡᠷᠬᠢᠯᠡᠭ᠍ᠴᠢ ᠶᠢᠨ ᠲᠤᠰᠢᠶᠠᠯ ᠡᠴᠨ ᠪᠠᠭᠤᠯᠭᠠᠬᠤ ᠶᠢ ᠵᠦ᠋ᠪᠰᠢᠶᠡᠷᠡᠪᠡ᠃ ᠶᠠᠩ ᠭᠧ ᠬᠤᠸᠨ ᠶᠢᠨ ᠬᠠᠷᠢᠭᠤᠴᠠᠭᠰᠠᠨ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠰᠢᠬᠦᠭ᠍ᠴᠢ᠂ ᠰᠢᠬᠦᠨ ᠲᠠᠰᠤᠯᠬᠤ ᠵᠦ᠋ᠪᠯᠡᠯ ᠤᠨ ᠭᠡᠰᠢᠬᠦᠨ᠂ ᠬᠤᠷᠢᠶᠠᠨ ᠲᠠᠷᠤᠭ᠎ᠠ ᠶᠢᠨ ᠲᠤᠰᠢᠶᠠᠯ ᠡᠴᠨ ᠪᠠᠭᠤᠯᠭᠠᠬᠤ ᠶᠢ ᠵᠦ᠋ᠪᠰᠢᠶᠡᠷᠡᠪᠡ᠃ ᠳ᠋ᠸᠩ ᠭᠤᠸᠠᠩ ᠹᠸᠩ ᠤᠨ ᠬᠠᠷᠢᠭᠤᠴᠠᠭᠰᠨᠨ ᠬᠤᠰᠢᠭᠤᠨ ᠤ ᠠᠷᠠᠳ ᠤᠨ ᠪᠠᠢ᠌ᠴᠠᠭᠠᠬᠤ ᠬᠤᠷᠢᠶᠠᠨ ᠤ ᠪᠠᠢ᠌ᠴᠠᠭᠠᠬᠤ ᠲᠠᠷᠤᠭ᠎ᠠ᠂ ᠪᠠᠢ᠌ᠴᠠᠭᠠᠬᠤ ᠵᠦ᠋ᠪᠯᠡᠯ ᠤᠨ ᠭᠡᠰᠢᠬᠦᠨ᠂ ᠪᠠᠢ᠌ᠴᠠᠭᠠᠭᠴᠢ ᠶᠢᠨ ᠲᠤᠰᠢᠶᠠᠯ ᠡᠴᠨ ᠪᠠᠭᠤᠯᠭᠠᠬᠤ ᠶᠢ ᠵᠦ᠋ᠪᠰᠢᠶᠡᠷᠡᠪᠡ᠃ ᠬᠤᠷᠠᠯ ᠲᠠᠭᠡᠷ᠎ᠠ ᠲᠤᠰᠢᠶᠠᠯ ᠳ᠋ᠥ ᠲᠤᠮᠢᠯᠠᠬᠤ ᠪᠠᠷ ᠪᠠᠢ᠌ᠭ᠎ᠠ ᠠᠵᠢᠯᠳ᠋ᠠᠨ ᠨᠠᠰᠤᠨᠪᠦᠭᠡ᠂ ᠯᠢᠶᠠᠩ ᠬᠦᠸᠸ ᠺᠠᠢ᠂ ᠲᠤᠩᠭ᠋ᠠᠯᠠᠭ᠂ ᠴᠢᠤᠢ ᠶᠸ ᠬᠤᠩ ᠡᠴᠨ ᠲᠤᠰᠪᠤᠷᠢ ᠲᠤᠰᠢᠶᠠᠯ ᠡᠬᠦᠷᠭᠡᠯᠡᠬᠦ ᠶᠠᠷᠢᠶ᠎ᠠ ᠬᠢᠵᠤ᠂ ᠬᠤᠷᠠᠯ ᠡᠴᠨ ᠪᠢᠯᠸᠲ ᠦᠭ᠍ᠴᠤ ᠰᠤᠩᠭ᠋ᠤᠬᠤ ᠪᠠᠷ ᠲᠠᠮᠵᠢᠨ ᠨᠠᠰᠦᠨᠪᠦᠭᠡ ᠶᠢ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠦᠨᠳ᠋ᠤᠰᠤᠳ᠋ᠠᠨ ᠤ ᠠᠵᠢᠯ ᠤᠨ ᠵᠦ᠋ᠪᠯᠡᠯ ᠤᠨ ᠡᠷᠬᠢᠯᠡᠭ᠍ᠴᠢ᠂ ᠯᠢᠶᠠᠩ ᠬᠦᠸᠸ ᠺᠠᠢ ᠶᠢ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠢᠨᠠᠨ ᠪᠠᠢ᠌ᠴᠠᠭᠠᠬᠤ ᠪᠠ ᠬᠠᠤᠯᠢ ᠴᠠᠭᠠᠵᠨ ᠶᠢᠨ ᠠᠵᠢᠯ ᠤᠨ ᠵᠦ᠋ᠪᠯᠡᠯ ᠤᠨ ᠡᠷᠬᠢᠯᠡᠭ᠍ᠴᠢ᠂ ᠲᠤᠩᠭ᠋ᠠᠯᠠᠭ ᠢ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠰᠢᠬᠦᠭ᠍ᠴᠢ᠂ ᠰᠢᠬᠦᠨ ᠲᠠᠰᠤᠯᠬᠤ ᠵᠦ᠋ᠪᠯᠡᠯ ᠤᠨ ᠭᠡᠰᠢᠬᠦᠨ᠂ ᠲᠠᠳ᠋ ᠬᠤᠷᠢᠶᠠᠨ ᠲᠠᠷᠤᠭ᠎ᠠ ᠪᠠᠷ ᠲᠤᠮᠢᠯᠠᠨ᠂ ᠤᠷᠤᠯᠠᠭᠴᠢ ᠬᠤᠷᠢᠶᠠᠨ ᠲᠠᠷᠤᠭ᠎ᠠ ᠪᠠᠷ ᠲᠤᠭᠳ᠋ᠠᠵᠤ᠂ ᠴᠢᠤᠢ ᠶᠸ ᠬᠤᠩ ᠢ ᠬᠤᠰᠢᠭᠤᠨ ᠤ ᠠᠷᠠᠳ ᠤᠨ ᠪᠠᠢ᠌ᠴᠠᠭᠠᠬᠤ ᠬᠤᠷᠢᠶᠠᠨ ᠤ ᠪᠠᠢ᠌ᠴᠠᠭᠠᠬᠤ ᠵᠦ᠋ᠪᠯᠡᠯ ᠤᠨ ᠭᠡᠰᠢᠬᠦᠨ᠂ ᠪᠠᠢ᠌ᠴᠠᠭᠠᠭᠴᠢ᠂ ᠲᠠᠳ᠋ ᠪᠠᠢ᠌ᠴᠠᠭᠠᠬᠤ ᠲᠠᠷᠤᠭ᠎ᠠ ᠪᠠᠷ ᠲᠤᠮᠢᠯᠠᠨ᠂ ᠤᠷᠤᠯᠠᠭᠴᠢ ᠪᠠᠢ᠌ᠴᠠᠭᠠᠬᠤ ᠲᠠᠷᠤᠭ᠎ᠠ ᠪᠠᠷ ᠲᠤᠭᠳ᠋ᠠᠪᠠ᠃

               

              ᠡᠤ ᠴᠢᠩ ᠬᠠᠢ ᠰᠢᠨ᠎ᠠ ᠲᠤᠰᠢᠶᠠᠯ ᠳ᠋ᠥ ᠲᠤᠮᠢᠯᠠᠭᠳ᠋ᠠᠭᠰᠠᠳ ᠲᠤ ᠲᠤᠮᠢᠯᠠᠯ ᠤᠨ ᠪᠢᠴᠢᠭ᠌ ᠭᠠᠷᠳ᠋ᠠᠭᠤᠯᠵᠤ᠂ ᠰᠢᠨ᠎ᠠ ᠪᠠᠷ ᠲᠤᠰᠢᠶᠠᠯ ᠳ᠋ᠥ ᠲᠤᠮᠢᠯᠠᠭᠳ᠋ᠠᠭᠰᠠᠳ ᠦᠨᠳ᠋ᠤᠰᠤᠨ ᠬᠠᠤᠯᠢ ᠳ᠋ᠥ ᠲᠠᠩᠭ᠋ᠠᠷᠢᠭᠯᠠᠪᠠ᠃

                 

                   ᠬᠤᠷᠠᠯ ᠡᠴᠨ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ 《ᠵᠠᠷᠤᠤᠨ ᠬᠤᠰᠢᠭᠤᠨ ᠤ 2021 ᠤᠨ ᠤ ᠤᠯᠤᠰ ᠠᠷᠠᠳ ᠤᠨ ᠠᠵᠤ ᠠᠬᠤᠢ ᠪᠠ ᠨᠡᠢ᠌ᠭᠡᠮ ᠤᠨ ᠬᠦᠭ᠍ᠵᠢᠯᠳ᠋ᠠ ᠶᠢᠨ ᠲᠦ᠋ᠯᠤᠪᠯᠡᠭᠡ ᠶᠢ ᠭᠡᠷᠡᠭ᠍ᠵᠢᠬᠦᠯᠦᠭ᠍ᠰᠨᠨ ᠪᠠᠢ᠌ᠳ᠋ᠠᠯ ᠤᠨ ᠲᠤᠬᠠᠢ ᠮᠡᠳ᠋ᠡᠬᠦᠯᠤᠯᠳ᠋ᠠ》 ᠶᠢ ᠰᠤᠨᠤᠰᠤᠨ ᠬᠢᠨᠠᠨ ᠵᠦ᠋ᠪᠯᠡᠪᠡ᠃ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ 《2020 ᠤᠨ ᠤ ᠬᠤᠰᠢᠭᠤᠨ ᠲᠤᠰ ᠱᠠᠳ᠋ᠤᠨ ᠤ ᠡᠳ᠋ ᠤᠨ ᠵᠠᠰᠠᠭ ᠤᠨ ᠲᠦ᠋ᠰᠤᠪ ᠢ ᠬᠦᠢᠴᠡᠳᠭᠡᠭ᠍ᠰᠨᠨ ᠪᠠ ᠪᠤᠰᠤᠤᠨ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢ ᠬᠢᠨᠠᠨ ᠪᠤᠳ᠋ᠤᠭᠰᠨᠨ ᠲᠤᠬᠠᠢ ᠠᠵᠢᠯ ᠤᠨ ᠮᠡᠳ᠋ᠡᠬᠦᠯᠤᠯᠳ᠋ᠠ》 ᠶᠢ ᠰᠤᠨᠤᠰᠤᠨ ᠬᠢᠨᠠᠨ ᠵᠦ᠋ᠪᠯᠡᠪᠡ᠃ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ 《2020 ᠤᠨ ᠤ ᠬᠤᠰᠢᠭᠤᠨ ᠲᠤᠰ ᠱᠠᠳ᠋ᠤᠨ ᠤ ᠡᠳ᠋ ᠤᠨ ᠵᠠᠰᠠᠭ ᠤᠨ ᠲᠦ᠋ᠰᠤᠪ ᠤᠨ ᠬᠦᠢᠴᠡᠳᠭᠡᠯ ᠪᠠ 2021 ᠤᠨ ᠤ ᠲᠠᠭᠡᠷ᠎ᠠ ᠬᠠᠭᠠᠰ ᠵᠢᠯ ᠤᠨ ᠲᠦ᠋ᠰᠤᠪ ᠤᠨ ᠬᠦᠢᠴᠡᠳᠭᠡᠭ᠍ᠰᠨᠨ ᠪᠠᠢ᠌ᠳ᠋ᠠᠯ ᠤᠨ ᠲᠤᠬᠠᠢ ᠮᠡᠳ᠋ᠡᠬᠦᠯᠤᠯᠳ᠋ᠠ》 ᠶᠢ ᠰᠤᠨᠤᠰᠤᠨ ᠬᠢᠨᠠᠨ ᠵᠦ᠋ᠪᠯᠡᠭᠡᠳ᠂ 2020 ᠤᠨ ᠤ ᠬᠤᠰᠢᠭᠤᠨ ᠲᠤᠰ ᠱᠠᠳ᠋ᠤᠨ ᠤ ᠡᠳ᠋ ᠤᠨ ᠵᠠᠰᠠᠭ ᠤᠨ ᠲᠦ᠋ᠰᠤᠪ ᠤᠨ ᠬᠦᠢᠴᠡᠳᠭᠡᠯ ᠢ ᠬᠢᠨᠠᠨ ᠪᠠᠢ᠌ᠴᠠᠭᠠᠵᠤ ᠵᠦ᠋ᠪᠰᠢᠶᠡᠷᠡᠪᠡ᠃ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ 《2021 ᠤᠨ ᠤ ᠬᠤᠰᠢᠭᠤᠨ ᠲᠤᠰ ᠱᠠᠳ᠋ᠤᠨ ᠤ ᠲᠦ᠋ᠰᠤᠪ ᠤᠨ ᠲᠤᠬᠢᠷᠠᠭᠤᠯᠤᠯᠳ᠋ᠠ ᠶᠢᠨ ᠲᠦ᠋ᠰᠤᠪ ᠤᠨ ᠲᠤᠬᠠᠢ ᠮᠡᠳ᠋ᠡᠬᠦᠯᠤᠯᠳ᠋ᠠ》 ᠶᠢ ᠰᠤᠨᠤᠰᠤᠨ ᠬᠢᠨᠠᠨ ᠵᠦ᠋ᠪᠯᠡᠪᠡ᠃ ᠵᠠᠷᠤᠤᠨ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠦ᠋ᠯᠤᠭᠡᠯᠡᠭ᠍ᠴᠢ ᠶᠢᠨ ᠬᠢᠷᠢ ᠭᠡᠮ ᠢ ᠬᠢᠨᠠᠨ ᠪᠠᠢ᠌ᠴᠠᠭᠠᠬᠤ ᠵᠦ᠋ᠪᠯᠡᠯ ᠤᠨ 《ᠵᠠᠷᠤᠤᠨ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠲᠦ᠋ᠯᠤᠭᠡᠯᠡᠭ᠍ᠴᠢ ᠶᠢᠨ ᠭᠢᠷᠢ ᠭᠡᠮ ᠢ ᠬᠢᠨᠠᠨ ᠪᠠᠢ᠌ᠴᠠᠭᠠᠭᠰᠨᠨ ᠲᠤᠬᠠᠢ ᠮᠡᠳ᠋ᠡᠬᠦᠯᠤᠯᠳ᠋ᠠ》 ᠶᠢ ᠰᠤᠨᠤᠰᠪᠠ᠃ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠰᠤᠮᠤ ᠪᠠᠯᠭᠠᠰᠤ ᠶᠢᠨ ᠰᠢᠨ᠎ᠠ ᠨᠢᠭᠡ ᠬᠤᠭᠤᠴᠠᠭᠠᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠠᠩᠬᠠᠳ᠋ᠤᠭᠠᠷ ᠤᠳ᠋ᠠᠭᠠᠨ ᠤ ᠬᠤᠷᠠᠯ ᠬᠤᠷᠠᠯᠳ᠋ᠤᠬᠤ ᠴᠠᠭ ᠢ ᠲᠤᠬᠢᠷᠠᠭᠤᠯᠬᠤᠲᠤᠭᠳ᠋ᠠᠭᠠᠯ ᠤᠨ ᠲᠤᠬᠠᠢ  ᠰᠠᠨᠠᠯ ᠵᠦ᠋ᠪᠯᠡᠯᠭᠡ (ᠲᠦ᠋ᠰᠤᠯ) ᠶᠢ ᠰᠤᠨᠤᠰᠤᠨ ᠬᠢᠨᠠᠨ ᠵᠦ᠋ᠪᠯᠡᠪᠡ᠃

ᠡᠮᠦᠨᠡᠬᠢ᠄ ᠬᠣᠰᠢᠭᠤᠨ ᠤ ᠠᠷᠠᠳ ᠤᠨ ᠲᠥᠯᠥᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢᠶ᠎ᠠ ᠲᠥᠰᠦᠪ ᠤᠨ ᠰᠦ᠋ᠯᠵᠢᠶᠡᠨ ᠤ ᠬᠢᠨᠠᠯᠲᠠ ᠲᠠᠯᠪᠢᠬᠤ ᠰᠢᠰᠲ᠋ᠧᠮ ᠤᠨ ᠰᠦ᠋ᠯᠵᠢᠶ᠎ᠠ ᠪᠠᠷ ᠠᠵᠢᠯᠯᠠᠬᠤ ᠶᠣᠰᠣᠯᠠᠯ ᠶᠠᠪᠤᠭᠤᠯᠪᠠ
ᠳᠠᠷᠠᠭᠠᠬᠢ᠄ ᠵᠠᠷᠤᠤᠨ ᠬᠤᠰᠢᠭᠤ ᠰᠤᠮᠤ ᠪᠠᠯᠭᠠᠰᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠠᠵᠢᠯ ᠢ ᠲᠠᠬᠦᠰ ᠠᠮᠵᠢᠯᠳ᠋ᠠ ᠲᠡᠶ ᠪᠠᠶᠠᠯᠡᠬᠦᠯᠪᠠ