ᠡᠤ ᠴᠢᠩ ᠬᠠᠢ ᠤᠯᠠᠭᠠᠨᠬᠠᠳ᠋ᠠ ᠰᠤᠮᠤ ᠶᠢᠨ ᠭᠡᠷᠡᠭ᠌ ᠶᠢᠡᠷ ᠦᠭᠡᠷᠡᠴᠢᠯᠡᠯᠳ᠋ᠠ ᠶᠢ ᠠᠬᠢᠭᠤᠯᠵᠤ ᠤᠯᠤᠰ ᠲᠦ᠋ᠷᠤ ᠶᠢᠨ ᠠᠮᠢ ᠠᠬᠤᠢ ᠶᠢ ᠪᠦᠬᠦ ᠲᠠᠯ᠎ᠠ ᠪᠡᠷ ᠰᠡᠷᠬᠦᠭᠡᠨ ᠴᠡᠪᠡᠷᠰᠢᠬᠦᠯᠬᠦ ᠲᠤᠰᠬᠠᠢ ᠰᠡᠳ᠋ᠤᠪᠳ᠋ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠢ ᠬᠢᠨᠠᠨ ᠵᠢᠯᠤᠭᠤᠳᠪᠠ
11 ᠰᠠᠷ᠎ᠠ ᠶᠢᠨ26 ᠤ ᠡᠳ᠋ᠤᠷ ᠤᠨ ᠦᠳ᠋ᠡ ᠶᠢᠨ ᠡᠮᠤᠨ᠎ᠠ᠂ ᠤᠯᠠᠭᠠᠨᠬᠠᠳ᠋ᠠ ᠰᠤᠮᠤ ᠭᠡᠷᠡᠭ᠌ ᠶᠢᠡᠷ ᠦᠭᠡᠷᠡᠴᠢᠯᠡᠯᠳ᠋ᠠ ᠶᠢ ᠠᠬᠢᠭᠤᠯᠵᠤ ᠤᠯᠤᠰ ᠲᠦ᠋ᠷᠤ ᠶᠢᠨ ᠠᠮᠢ ᠠᠬᠤᠢ ᠶᠢ ᠪᠦᠬᠦ ᠲᠠᠯ᠎ᠠ ᠪᠡᠷ ᠰᠡᠷᠬᠦᠭᠡᠨ ᠴᠡᠪᠡᠷᠰᠢᠬᠦᠯᠬᠦ ᠲᠤᠰᠬᠠᠢ ᠰᠡᠳ᠋ᠤᠪᠳ᠋ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠬᠤᠷᠠᠯᠳ᠋ᠤᠪᠠ᠃ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠤ ᠴᠢᠩ ᠬᠠᠢ᠂ ᠬᠤᠰᠢᠭᠤᠨ ᠤ ᠭᠡᠷᠡᠭ᠌ ᠶᠢᠡᠷ ᠦᠭᠡᠷᠡᠴᠢᠯᠡᠯᠳ᠋ᠠ ᠶᠢ ᠠᠬᠢᠭᠤᠯᠬᠤ ᠲᠤᠰᠬᠠᠢ ᠠᠵᠢᠯᠯᠠᠭ᠎ᠠ ᠶᠢᠨ ᠦᠷ᠎ᠠ ᠪᠦᠳ᠋ᠤᠮᠵᠢ ᠶᠢ ᠬᠢᠨᠠᠨ ᠵᠢᠯᠤᠭᠤᠳᠬᠤ ᠨᠢᠭᠡᠳ᠋ᠤᠭᠡᠷ ᠲᠤᠭᠤᠢ᠌ᠯᠠᠩ ᠤᠨ ᠲᠠᠷᠤᠭ᠎ᠠ ᠡᠤ ᠴᠢᠩ ᠬᠠᠢ ᠬᠤᠷᠠᠯ ᠳ᠋ᠥ ᠤᠷᠤᠯᠴᠠᠵᠤ ᠵᠢᠭᠠᠨ ᠵᠢᠯᠤᠭᠤᠳ᠋ᠤᠭᠰᠨᠨ ᠪᠦᠭᠡᠳ ᠦᠨᠡᠯᠡᠯᠳ᠋ᠠ ᠬᠢᠪᠡ᠃

ᠬᠤᠷᠠᠯ ᠲᠠᠭᠡᠷ᠎ᠠ᠂ ᠤᠯᠠᠭᠠᠨᠬᠠᠳ᠋ᠠ ᠰᠤᠮᠤ ᠶᠢᠨ ᠨᠠᠮ ᠤᠨ ᠬᠤᠷᠢᠶᠠᠨ ᠤ ᠱᠦ᠋ᠵᠢ ᠦᠯᠵᠡᠢ᠌ᠳ᠋ᠤ ᠨᠠᠮ ᠤᠨ ᠬᠤᠷᠢᠶᠠᠨ ᠤ ᠤᠳ᠋ᠤᠷᠢᠳᠬᠤ ᠪᠠᠭ ᠢ ᠲᠦ᠋ᠯᠤᠭᠡᠯᠡᠨ ᠲᠤᠰᠬᠠᠢ ᠰᠡᠳ᠋ᠤᠪᠳ᠋ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠤᠨ ᠰᠠᠨᠠᠯ ᠬᠤᠷᠢᠶᠠᠭᠰᠨᠨ ᠪᠠᠢ᠌ᠳ᠋ᠠᠯ ᠢ ᠨᠡᠪᠳ᠋ᠡᠷᠡᠭᠡᠵᠤ᠂ ᠤᠯᠠᠭᠠᠨᠬᠠᠳ᠋ᠠ ᠰᠤᠮᠤ ᠶᠢᠨ ᠨᠠᠮ ᠤᠨ ᠬᠤᠷᠢᠶᠠᠨ ᠤ ᠤᠳ᠋ᠣᠷᠢᠳᠬᠤ ᠪᠠᠭ ᠢ ᠲᠦ᠋ᠯᠤᠭᠡᠯᠡᠨ ᠬᠠᠷᠭᠤᠭᠤᠯᠤᠭᠰᠨᠨ ᠪᠠᠢ᠌ᠴᠠᠭᠠᠯᠳ᠋ᠠ ᠬᠢᠬᠦ ᠶᠢᠨ ᠬᠠᠮᠳ᠋ᠤ᠂ ᠲᠦ᠋ᠷᠤᠬᠦᠯᠡᠨ ᠬᠤᠪᠢ ᠬᠦᠮᠤᠨ ᠤ ᠪᠠᠢ᠌ᠴᠠᠭᠠᠨ ᠵᠠᠳ᠋ᠠᠯᠤᠯᠳ᠋ᠠ ᠬᠢᠵᠤ᠂ ᠪᠤᠰᠤᠤᠨ ᠤᠳ᠋ᠤᠷᠢᠳᠬᠤ ᠪᠠᠭ ᠤᠨ ᠪᠦᠷᠢᠯᠳ᠋ᠤᠬᠦᠨ ᠲᠠᠰ ᠲᠠᠷᠠᠭᠠᠯᠠᠨ ᠰᠢᠬᠦᠮᠵᠢᠯᠡᠯ ᠦᠷᠨᠢᠬᠦᠯᠪᠡ᠃
ᠡᠤ ᠴᠢᠩ ᠬᠠᠢ ᠡᠴᠨ᠂ ᠤᠯᠠᠭᠠᠨᠬᠠᠳ᠋ᠠ ᠰᠤᠮᠤ ᠶᠢᠨ ᠤᠳ᠋ᠤᠷᠢᠳᠬᠤ ᠪᠠᠭ ᠤᠨ ᠨᠢᠭᠡᠳ᠋ᠤᠭᠡᠷ ᠬᠠᠷᠢᠭᠤᠴᠠᠯᠭᠠᠳ᠋ᠠᠨ ᠪᠤᠯᠤᠨ ᠪᠦᠷᠢᠯᠳ᠋ᠤᠬᠦᠨ ᠲᠤᠭ ᠲᠡᠮᠳ᠋ᠡᠭ᠌ ᠲᠤᠳ᠋ᠤᠷᠬᠠᠢ ᠪᠠᠷ ᠤᠯᠤᠰ ᠲᠦ᠋ᠷᠤ ᠶᠢ ᠡᠷᠬᠢᠮᠯᠡᠵᠤ᠂ ᠨᠡᠩ ᠦᠨᠳ᠋ᠤᠷ ᠤᠯᠤᠰ ᠲᠦ᠋ᠷᠤ ᠶᠢᠨ ᠵᠤᠭᠰᠤᠴᠨ᠂ ᠨᠡᠩ ᠴᠢᠩᠭ᠎ᠠ ᠬᠠᠷᠢᠭᠤᠴᠠᠯᠭ᠎ᠠ ᠡᠬᠦᠷᠭᠡᠯᠡᠯ ᠶᠢᠡᠨ ᠨᠠᠮ ᠤᠨ ᠲᠤᠳ᠋ᠤᠭᠠᠳ᠋ᠤ ᠶᠢᠨ ᠤᠯᠤᠰ ᠲᠦ᠋ᠷᠤ ᠶᠢᠨ ᠠᠮᠢ ᠠᠬᠤᠢ ᠶᠢ ᠰᠡᠷᠬᠦᠭᠡᠨ ᠴᠡᠪᠡᠷᠰᠢᠬᠦᠯᠬᠦ ᠤᠯᠤᠰ ᠲᠦ᠋ᠷᠤ ᠶᠢᠨ ᠬᠠᠷᠢᠭᠤᠴᠠᠯᠭ᠎ᠠ ᠶᠢ ᠦᠨᠡᠨᠬᠦ ᠡᠬᠦᠷᠭᠡᠯᠡᠬᠦ ᠭᠡᠷᠡᠭ᠍ᠳ᠋ᠡᠢ᠃ ᠨᠢᠭᠡᠳ᠋ᠤᠯᠳ᠋ᠠᠢ ᠲᠦ᠋ᠯᠤᠪᠯᠡᠨ ᠵᠡᠷᠭᠡ ᠪᠠᠷ ᠠᠬᠢᠭᠤᠯᠵᠤ᠂ ᠲᠦ᠋ᠷᠢᠮ ᠤᠨ ᠪᠠᠢ᠌ᠭᠤᠯᠤᠯᠳ᠋ᠠ ᠶᠢ ᠠᠵᠢᠯ ᠤᠨ ᠪᠦᠬᠦ ᠶᠠᠪᠤᠴᠨ ᠳ᠋ᠥ ᠲᠤᠭᠤᠰᠢᠯᠠᠭᠤᠯᠬᠤ ᠶᠢ ᠪᠠᠷᠢᠮᠳ᠋ᠠᠯᠠᠵᠤ᠂ ᠬᠢᠵᠠᠭᠠᠷᠯᠠᠯ ᠢ ᠴᠢᠩᠭ᠋ᠠᠳᠬᠠᠨ᠂ ᠨᠠᠢ᠌ᠳ᠋ᠠᠪᠤᠷᠢᠵᠢᠭᠤᠯᠤᠯᠳ᠋ᠠ ᠶᠢ ᠴᠢᠩᠭ᠎ᠠ ᠠᠳᠬᠤᠬᠤ ᠶᠢᠨ ᠬᠠᠮᠳ᠋ᠤ᠂ ᠭᠡᠷᠡᠭ᠌ ᠶᠢᠡᠷ ᠦᠭᠡᠷᠡᠴᠢᠯᠡᠯᠳ᠋ᠠ ᠶᠢ ᠠᠬᠢᠭᠤᠯᠬᠤ ᠶᠢ ᠬᠦᠳ᠋ᠡᠭᠡ ᠲᠤᠰᠬᠤᠨ ᠢ ᠬᠦᠭ᠍ᠵᠢᠬᠦᠯᠤᠨ ᠮᠠᠨᠳ᠋ᠤᠭᠤᠯᠬᠤ᠂ ᠬᠤᠳ᠋ᠠᠯᠳ᠋ᠤᠭᠠᠴᠢᠨ ᠤᠷᠢᠵᠤ ᠪᠡᠯᠨ ᠤᠷᠤᠭᠤᠯᠬᠤ᠂ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠵᠡᠷᠭᠡ ᠤᠳ᠋ᠤᠬᠠᠨ ᠤ ᠠᠵᠢᠯ ᠤᠨ ᠭᠤᠤᠯᠳ᠋ᠠᠯᠭ᠎ᠠ ᠲᠡᠶ ᠤᠶᠠᠯᠳ᠋ᠤᠭᠤᠯᠵᠤ᠂ ᠲᠤᠰᠬᠠᠢ ᠠᠵᠢᠯᠯᠠᠭ᠎ᠠ ᠪᠠᠷ ᠲᠠᠮᠵᠢᠭᠤᠯᠤᠨ᠂ ᠤᠶᠤᠨ ᠤᠬᠠᠭᠠᠨ ᠤ ᠲᠦ᠋ᠷᠰᠤ ᠪᠠᠢ᠌ᠳ᠋ᠠᠯ ᠳ᠋ᠥ ᠲᠤᠬᠢᠷᠠᠭᠤᠯᠤᠯᠳ᠋ᠠ ᠬᠢᠵᠤ᠂ ᠺᠠᠳ᠋ᠷ ᠤᠨ ᠢᠳ᠋ᠡᠭᠡᠯ ᠢ ᠬᠦᠭ᠍ᠵᠢᠭᠡᠨ᠂ ᠦᠷ᠎ᠠ ᠪᠦᠳ᠋ᠤᠮᠵᠢ ᠶᠢ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ᠂ ᠦᠭᠡᠷᠡᠴᠢᠯᠡᠯᠳ᠋ᠠ ᠬᠦᠭ᠍ᠵᠢᠯᠳ᠋ᠠ ᠲᠤᠭᠳ᠋ᠠᠭᠤᠨ ᠢ ᠠᠬᠢᠭᠤᠯᠬᠤ ᠬᠦᠴᠤᠷᠭᠡᠭ᠌ ᠶᠡᠭᠡ ᠬᠦᠳ᠋ᠡᠯᠭᠡᠭ᠍ᠴᠢ ᠬᠦᠴᠤᠨ ᠪᠤᠯᠭᠠᠨ ᠬᠤᠪᠢᠷᠠᠭᠠᠵᠤ᠂ ᠭᠤᠤᠯᠳ᠋ᠠᠯᠭ᠎ᠠ ᠲᠡᠶ ᠠᠵᠢᠯ ᠤᠨ ᠦᠷ᠎ᠠ ᠪᠦᠳ᠋ᠤᠮᠵᠢ ᠶᠢ ᠠᠬᠢᠭᠤᠯᠬᠤ ᠲᠠᠭᠡᠷ᠎ᠠ ᠢᠯᠡᠷᠡᠬᠦᠯᠬᠦ ᠭᠡᠷᠡᠭ᠍ᠳ᠋ᠡᠢ ᠭᠡᠵᠤ ᠴᠢᠬᠤᠯᠠᠴᠢᠯᠠᠵᠠᠢ᠃ (ᠳ᠋ᠠᠢ ᠰᠢᠶᠦ᠋ᠩ)