ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠬᠢᠨ ᠭᠡᠷᠡᠭ᠌ ᠶᠢᠡᠷ ᠦᠭᠡᠷᠡᠴᠢᠯᠡᠯᠳ᠋ᠠ ᠶᠢ ᠠᠬᠢᠭᠤᠯᠵᠤ ᠤᠯᠤᠰ ᠲᠦ᠋ᠷᠤ ᠶᠢᠨ ᠠᠮᠢ ᠠᠬᠤᠢ ᠶᠢ ᠪᠦᠬᠦ ᠲᠠᠯ᠎ᠠ ᠪᠠᠷ ᠰᠡᠷᠬᠦᠭᠡᠨ ᠴᠡᠪᠡᠷᠰᠢᠬᠦᠯᠬᠦ ᠲᠤᠰᠬᠠᠢ ᠰᠡᠳ᠋ᠤᠪᠳ᠋ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠬᠤᠷᠠᠯᠳ᠋ᠤᠭᠤᠯᠪᠠ

              
              11 ᠰᠠᠷ᠎ᠠ ᠶᠢᠨ 25 ᠤ ᠡᠳ᠋ᠤᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠬᠢᠨ ᠭᠡᠷᠡᠭ᠌ ᠶᠢᠡᠷ ᠦᠭᠡᠷᠡᠴᠢᠯᠡᠯᠳ᠋ᠠ ᠶᠢ ᠠᠬᠢᠭᠤᠯᠵᠤ ᠤᠯᠤᠰ ᠲᠦ᠋ᠷᠤ ᠶᠢᠨ ᠠᠮᠢ ᠠᠬᠤᠢ ᠶᠢ ᠪᠦᠬᠦ ᠲᠠᠯ᠎ᠠ ᠪᠠᠷ ᠰᠡᠷᠬᠦᠭᠡᠨ ᠴᠡᠪᠡᠷᠰᠢᠬᠦᠯᠬᠦ ᠲᠤᠰᠬᠠᠢ ᠰᠡᠳ᠋ᠤᠪᠳ᠋ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠬᠤᠷᠠᠯᠳ᠋ᠤᠭᠤᠯᠪᠠ᠃ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠬᠦᠸᠸ ᠬᠤᠷᠠᠯ ᠡᠷᠬᠢᠯᠡᠵᠤ᠂ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠪᠠᠭ ᠤᠨ ᠪᠦᠷᠢᠯᠳ᠋ᠤᠬᠦᠨ ᠭᠡᠰᠢᠬᠦᠨ ᠬᠤᠷᠠᠯ ᠳ᠋ᠥ ᠤᠷᠤᠯᠴᠠᠪᠠ᠃ ᠬᠤᠰᠢᠭᠤᠨ ᠤ ᠲᠤᠰᠬᠠᠢ ᠠᠵᠢᠯᠯᠠᠭ᠎ᠠ ᠶᠢᠨ ᠦᠷ᠎ᠠ ᠪᠦᠳ᠋ᠤᠮᠵᠢ ᠶᠢ ᠬᠢᠨᠠᠨ ᠵᠢᠯᠤᠭᠤᠳᠬᠤ ᠭᠤᠷᠪᠠᠳ᠋ᠤᠭᠠᠷ ᠲᠤᠭᠤᠢ᠌ᠯᠠᠩ ᠤᠨ ᠬᠠᠷᠢᠯᠴᠠᠬᠤ ᠲᠤᠭᠤᠢ᠌ᠯᠠᠩ ᠤᠨ ᠭᠡᠰᠢᠬᠦᠨ ᠵᠢᠨ ᠷᠦ᠋ᠩ ᠬᠤᠷᠠᠯ ᠳ᠋ᠥ ᠤᠷᠤᠯᠴᠠᠨ ᠵᠢᠭᠠᠨ ᠵᠢᠯᠤᠭᠤᠳᠪᠠ᠃

              

           ᠬᠤᠷᠠᠯ ᠡᠴᠨ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠪᠠᠭ ᠤᠨ ᠲᠤᠰᠬᠠᠢ ᠰᠡᠳ᠋ᠤᠪᠳ᠋ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠡᠴᠨ ᠡᠮᠤᠨᠡᠬᠢ ᠰᠠᠨᠠᠯ ᠬᠤᠷᠢᠶᠠᠭᠰᠨᠨ ᠪᠠᠢ᠌ᠳ᠋ᠠᠯ ᠢ ᠨᠡᠪᠳ᠋ᠡᠷᠡᠭᠡᠪᠡ᠃ ᠬᠤᠷᠠᠯ ᠲᠠᠭᠡᠷ᠎ᠠ᠂ ᠯᠢ ᠴᠸᠩ ᠬᠦᠸᠸ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠢ ᠲᠦ᠋ᠯᠤᠭᠡᠯᠡᠨ ᠬᠠᠷᠭᠤᠭᠤᠯᠤᠭᠰᠨᠨ ᠪᠠᠢ᠌ᠴᠠᠭᠠᠯᠳ᠋ᠠ ᠬᠢᠵᠤ᠂ ᠵᠢᠷᠭᠤᠭᠠᠨ ᠲᠠᠯ᠎ᠠ ᠶᠢᠨ ᠵᠦ᠋ᠷᠢᠶ᠎ᠠ ᠪᠠ ᠬᠦᠷᠤᠯᠴᠡᠬᠦ ᠦᠭᠡᠶ ᠲᠠᠯ᠎ᠠ ᠶᠢ ᠭᠤᠤᠯᠳ᠋ᠠᠯᠭ᠎ᠠ ᠲᠣ ᠪᠠᠢ᠌ᠴᠠᠭᠠᠨ ᠲᠠᠯᠭᠡᠭ᠍ᠰᠨᠨ ᠪᠦᠭᠡᠳ ᠬᠦᠰᠡᠯᠡᠩ ᠢᠳ᠋ᠡᠭᠡᠯ ᠪᠢᠰᠢᠷᠡᠯ ᠶᠢᠡᠨ ᠪᠠᠳ᠋ᠤᠳᠬᠠᠬᠤ᠂ ᠤᠯᠤᠰ ᠲᠦ᠋ᠷᠤ ᠶᠢᠨ ᠰᠠᠬᠢᠯᠭ᠎ᠠ ᠪᠠᠳ᠋ᠤ ᠶᠢ ᠴᠢᠩᠳ᠋ᠠᠯᠠᠬᠤ᠂ ᠡᠩᠨᠡᠭᠡᠨ ᠤ ᠪᠠᠢ᠌ᠭᠤᠯᠤᠯᠳ᠋ᠠ ᠶᠢ ᠴᠢᠩᠭ᠋ᠠᠳᠬᠠᠬᠤ᠂ ᠭᠡᠷᠡᠭ᠌ ᠶᠢᠡᠷ ᠦᠭᠡᠷᠡᠴᠢᠯᠡᠯᠳ᠋ᠠ ᠶᠢ ᠠᠬᠢᠭᠤᠯᠬᠤ ᠵᠡᠷᠭᠡ ᠲᠠᠯ᠎ᠠ ᠪᠠᠷ ᠴᠡᠭ᠍ᠴᠡᠯᠡᠨ ᠰᠠᠢ᠌ᠵᠢᠷᠠᠭᠤᠯᠬᠤ ᠠᠷᠭ᠎ᠠ ᠭᠡᠮᠵᠢᠶ᠎ᠠ ᠶᠢ ᠲᠤᠳ᠋ᠤᠷᠬᠠᠢ᠌ᠯᠠᠪᠠ᠃ ᠲᠠᠷᠠᠭ᠎ᠠ ᠨᠢ᠂ ᠯᠢ ᠴᠸᠩ ᠬᠦᠸᠸ ᠵᠢᠴᠢ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠪᠠᠭ ᠤᠨ ᠪᠦᠷᠢᠯᠳ᠋ᠤᠬᠦᠨ ᠨᠢᠭᠡᠳ ᠨᠢᠭᠡ ᠪᠠᠷ ᠬᠤᠪᠢ ᠬᠦᠮᠤᠨ ᠤ ᠬᠠᠷᠭᠤᠭᠤᠯᠤᠨ ᠪᠠᠢ᠌ᠴᠠᠭᠠᠯᠳ᠋ᠠ ᠬᠢᠵᠤ᠂ ᠰᠢᠬᠦᠮᠵᠢᠯᠡᠯ ᠪᠠ ᠦᠪᠡᠷ ᠤᠨ ᠰᠢᠬᠦᠮᠵᠢᠯᠡᠯ ᠢ ᠨᠠᠷᠢᠨ ᠬᠢᠨᠠᠮᠠᠭᠠᠢ ᠦᠷᠨᠢᠬᠦᠯᠪᠡ᠃

             

             ᠬᠤᠷᠠᠯ ᠡᠴᠨ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠪᠠ ᠪᠠᠭ ᠤᠨ ᠪᠦᠷᠢᠯᠳ᠋ᠤᠬᠦᠨ ᠭᠡᠰᠢᠬᠦᠨ ᠲᠤᠭ ᠲᠠᠮᠳ᠋ᠡᠭ᠌ ᠲᠤᠳ᠋ᠤᠷᠬᠠᠢ ᠪᠠᠷ ᠤᠯᠤᠰ ᠲᠦ᠋ᠷᠤ ᠶᠢ ᠡᠷᠬᠢᠮᠯᠡᠵᠤ᠂ ᠰᠢᠨ᠎ᠠ ᠴᠠᠭ ᠦᠶ᠎ᠠ ᠶᠢᠨ ᠨᠠᠮ ᠤᠨ ᠪᠠᠢ᠌ᠭᠤᠯᠤᠯᠳ᠋ᠠ ᠶᠢᠨ ᠶᠡᠷᠤᠩᠭᠡᠢ ᠱᠠᠭᠠᠷᠳ᠋ᠠᠯᠭ᠎ᠠ ᠪᠠ ᠦᠪᠡᠷᠳ᠋ᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠷᠤᠨ ᠪᠦᠰᠨ ᠶᠢᠨ ᠴᠢᠨᠠᠷᠳ᠋ᠠᠢ ᠭᠡᠷᠡᠭ᠌ ᠶᠢᠡᠷ ᠦᠭᠡᠷᠡᠴᠢᠯᠡᠯᠳ᠋ᠠ ᠶᠢ ᠠᠬᠢᠭᠤᠯᠬᠤ ᠠᠵᠢᠯ ᠦᠷᠨᠢᠬᠦᠯᠬᠦ ᠪᠠᠢ᠌ᠷᠢᠯᠠᠭᠤᠯᠤᠯᠳ᠋ᠠ ᠱᠠᠭᠠᠷᠳ᠋ᠠᠯᠭ᠎ᠠ ᠶᠢ ᠪᠦᠬᠦ ᠲᠠᠯ᠎ᠠ ᠪᠠᠷ ᠨᠠᠢ᠌ᠳ᠋ᠠᠪᠤᠷᠢᠵᠢᠭᠤᠯᠬᠤ ᠭᠡᠷᠡᠭ᠍ᠳ᠋ᠡᠢ᠃ ᠨᠠᠮ ᠤᠨ ᠤᠯᠤᠰ ᠲᠦ᠋ᠷᠤ ᠶᠢᠨ ᠰᠠᠬᠢᠯᠭ᠎ᠠ ᠪᠠᠳ᠋ᠤ ᠪᠤᠯᠤᠨ ᠤᠯᠤᠰ ᠲᠦ᠋ᠷᠤ ᠶᠢᠨ ᠶᠤᠰᠤ ᠲᠦ᠋ᠷᠢᠮ ᠢ ᠲᠠᠷᠢᠬᠦᠨ ᠳ᠋ᠥ ᠲᠠᠯᠪᠢᠬᠤ ᠭᠡᠷᠡᠭ᠍ᠳ᠋ᠡᠢ ᠭᠡᠵᠤ ᠱᠠᠭᠠᠷᠳ᠋ᠠᠵᠠᠢ᠃ (ᠳ᠋ᠠᠢ ᠰᠢᠶ‍ᠦ᠋ᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠭᠡᠷᠡᠭ᠌ ᠶᠢᠡᠷ ᠦᠭᠡᠷᠡᠴᠢᠯᠡᠯᠳ᠋ᠠ ᠶᠢ ᠠᠬᠢᠭᠤᠯᠬᠤ ᠲᠤᠰᠬᠠᠢ ᠰᠡᠳ᠋ᠤᠪᠳ᠋ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠡᠴᠨ ᠡᠮᠤᠨᠡᠬᠢ ᠲᠦ᠋ᠪᠯᠡᠷᠡᠬᠦᠯᠤᠨ ᠰᠤᠷᠤᠯᠴᠠᠨ ᠰᠤᠳ᠋ᠤᠯᠬᠤ ᠶᠠᠷᠢᠯᠴᠠᠭ᠎ᠠ ᠦᠷᠨᠢᠬᠦᠯᠪᠡ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠦᠪᠤᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠤ ᠠᠷᠪᠠᠨ ᠨᠢᠭᠡᠳ᠋ᠤᠭᠡᠷ ᠤᠳ᠋ᠠᠭᠠᠨ ᠤ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠦ᠋ᠪᠯᠡᠷᠡᠬᠦᠯᠤᠨ ᠰᠤᠷᠤᠯᠴᠠᠪᠠ