ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠦᠪᠤᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠤ ᠠᠷᠪᠠᠨ ᠨᠢᠭᠡᠳ᠋ᠤᠭᠡᠷ ᠤᠳ᠋ᠠᠭᠠᠨ ᠤ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠦ᠋ᠪᠯᠡᠷᠡᠬᠦᠯᠤᠨ ᠰᠤᠷᠤᠯᠴᠠᠪᠠ

             

            12 ᠰᠠᠷ᠎ᠠ ᠶᠢᠨ3 ᠤ ᠡᠳ᠋ᠤᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠬᠦᠷ ᠪᠦᠬᠦ ᠨᠠᠮ ᠤᠨ ᠭᠡᠰᠢᠬᠦᠨ ᠺᠠᠳ᠋ᠷ ᠢ ᠵᠤᠬᠢᠶᠠᠨ ᠪᠠᠢ᠌ᠭᠤᠯᠵᠤ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠦᠪᠤᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠤ ᠠᠷᠪᠠᠨ ᠨᠢᠭᠡᠳ᠋ᠤᠭᠡᠷ ᠤᠳ᠋ᠠᠭᠠᠨ ᠤ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠦ᠋ᠪᠯᠡᠷᠡᠬᠦᠯᠤᠨ ᠰᠤᠷᠤᠯᠴᠠᠪᠠ᠃

            
              ᠬᠤᠷᠠᠯ ᠡᠴᠨ᠂ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠪᠦᠬᠦ ᠨᠠᠮ ᠤᠨ ᠭᠡᠰᠢᠬᠦᠨ ᠺᠠᠳ᠋ᠷ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠦᠪᠤᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠤ ᠠᠷᠪᠠᠨ ᠨᠢᠭᠡᠳ᠋ᠤᠭᠡᠷ ᠤᠳ᠋ᠠᠭᠠᠨ ᠤ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠠᠴᠢ ᠬᠤᠯᠪᠤᠭᠳ᠋ᠠᠯ ᠢ ᠬᠦᠨᠵᠡᠭᠡᠢ ᠬᠦᠢᠴᠡᠳ ᠲᠠᠨᠢᠵᠤ᠂ ᠠᠷᠪᠠ ᠶᠢᠰᠤᠳ᠋ᠤᠭᠡᠷ ᠶᠡᠭᠡ ᠬᠤᠷᠠᠯ ᠵᠢᠴᠢ ᠠᠷᠪᠠ ᠶᠢᠰᠤᠳ᠋ᠤᠭᠡᠷ ᠬᠤᠭᠤᠴᠠᠭᠠᠨ ᠤ ᠵᠢᠷᠭᠤᠳ᠋ᠤᠭᠠᠷ ᠪᠦᠬᠦᠳ᠋ᠠ ᠬᠤᠷᠠᠯ ᠤᠨ ᠵᠤᠷᠢᠭ ᠰᠠᠨᠠᠭ᠎ᠠ ᠲᠡᠶ ᠤᠶᠠᠯᠳ᠋ᠤᠭᠤᠯᠤᠨ᠂ 〈ᠲᠦ᠋ᠷᠪᠠᠨ ᠤᠬᠠᠮᠰᠠᠷ〉 ᠶᠢᠡᠨ ᠤᠯᠠᠨ ᠨᠢᠭᠡ ᠠᠯᠬᠤᠮ ᠴᠢᠩᠭ᠋ᠠᠳᠬᠠᠵᠤ᠂ 〈ᠲᠦ᠋ᠷᠪᠠᠨ ᠢᠳ᠋ᠡᠭᠡᠯ〉 ᠶᠢᠡᠨ ᠪᠠᠳ᠋ᠤᠳᠬᠠᠨ᠂ 〈ᠬᠤᠶᠠᠷ ᠢ ᠬᠠᠮᠠᠭᠠᠯᠠᠬᠤ〉 ᠶᠢ ᠬᠦᠢᠴᠡᠳᠭᠡᠵᠤ᠂ ᠤᠯᠤᠰ ᠲᠦ᠋ᠷᠤ ᠶᠢᠨ ᠮᠠᠭᠠᠳᠯᠠᠬᠤ ᠴᠢᠳ᠋ᠠᠪᠤᠷᠢ᠂ ᠤᠯᠤᠰ ᠲᠦ᠋ᠷᠤ ᠶᠢᠨ ᠤᠢ᠌ᠯᠠᠭᠠᠬᠤ ᠴᠢᠳ᠋ᠠᠪᠤᠷᠢ᠂ ᠤᠯᠤᠰ ᠲᠦ᠋ᠷᠤ ᠶᠢᠨ ᠭᠡᠷᠡᠭ᠍ᠵᠢᠬᠦᠯᠬᠦ ᠴᠢᠳ᠋ᠠᠪᠤᠷᠢ ᠶᠢ ᠲᠠᠰᠤᠷᠠᠯᠳ᠋ᠠ ᠦᠭᠡᠶ ᠲᠠᠭᠡᠭ᠍ᠰᠢᠯᠡᠬᠦᠯᠬᠦ ᠭᠡᠷᠡᠭ᠍ᠳ᠋ᠡᠢ᠃ ᠤᠬᠠᠮᠰᠠᠷ ᠡᠴᠨ ᠪᠠᠨ ᠤᠯᠤᠰ ᠲᠦ᠋ᠷᠤ ᠶᠢᠨ ᠪᠦᠳ᠋ᠤᠭᠡᠨ ᠪᠠᠢ᠌ᠭᠤᠯᠤᠯᠳ᠋ᠠ ᠶᠢ ᠲᠠᠷᠢᠬᠦᠨ ᠳ᠋ᠥ ᠲᠠᠯᠪᠢᠵᠤ᠂ ᠦᠪᠡᠷ ᠤᠨ ᠪᠠᠶ᠎ᠠ ᠶᠢᠨ ᠪᠠᠢ᠌ᠭᠤᠯᠤᠯᠳ᠋ᠠ ᠶᠢ ᠪᠦᠬᠦ ᠲᠠᠯ᠎ᠠ ᠪᠠᠷ ᠴᠢᠩᠭ᠋ᠠᠳᠬᠠᠨ᠂ ᠦᠪᠡᠷ ᠤᠨ ᠪᠠᠶ᠎ᠠ ᠶᠢᠨ ᠪᠠᠢ᠌ᠭᠤᠯᠤᠯᠳ᠋ᠠ ᠶᠢᠨ ᠰᠢᠨ᠎ᠠ ᠦᠷ᠎ᠠ ᠪᠦᠳ᠋ᠤᠮᠵᠢ ᠪᠠᠷ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠠ ᠬᠦᠭ᠍ᠵᠢᠯᠳ᠋ᠠ ᠶᠢ ᠲᠠᠰᠤᠷᠠᠯᠳ᠋ᠠ ᠦᠭᠡᠶ ᠠᠬᠢᠭᠤᠯᠬᠤ ᠭᠡᠷᠡᠭ᠍ᠳ᠋ᠡᠢ᠃ ᠤᠬᠠᠮᠰᠠᠷᠳ᠋ᠤ ᠴᠢᠨᠠᠷ ᠪᠠ ᠡᠷᠡᠰ ᠪᠠᠳ᠋ᠤ ᠴᠢᠨᠠᠷ ᠢ ᠰᠤᠷᠤᠯᠴᠠᠨ ᠲᠤᠭᠤᠰᠢᠯᠠᠭᠤᠯᠬᠤ ᠶᠢ ᠦᠨᠡᠨᠬᠦ ᠴᠢᠩᠭ᠋ᠠᠳᠬᠵᠤ᠂ ᠵᠢᠩᠬᠢᠨᠢ ᠰᠤᠷᠤᠯᠴᠠᠨ᠂ ᠵᠢᠩᠬᠢᠨᠢ ᠤᠢ᠌ᠯᠠᠭᠠᠵᠤ᠂ ᠵᠢᠩᠬᠢᠨᠢ ᠢᠳ᠋ᠡᠭᠡᠨ᠂ ᠵᠢᠩᠬᠢᠨᠢ ᠭᠡᠷᠡᠭ᠍ᠵᠢᠬᠦᠯᠬᠦ ᠶᠢ ᠴᠢᠷᠮᠠᠢ᠌ᠨ ᠪᠠᠶᠡᠯᠡᠬᠦᠯᠵᠤ᠂ ᠦᠪᠡᠷᠳ᠋ᠡᠭᠡᠨ ᠵᠠᠰᠠᠬᠤ ᠤᠷᠤᠨ ᠤ ᠨᠠᠮ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠠᠮᠢᠳ᠋ᠤᠯᠢᠭ ᠤᠢ᠌ᠯᠡᠳ᠋ᠤᠯᠭᠡ ᠪᠤᠯᠭᠠᠬᠤ ᠶᠢ ᠪᠠᠳ᠋ᠤᠯᠠᠬᠤ ᠭᠡᠷᠡᠭ᠍ᠳ᠋ᠡᠢ ᠭᠡᠵᠤ ᠴᠢᠬᠤᠯᠠᠴᠢᠯᠠᠵᠠᠢ᠃

            
             ᠬᠤᠷᠠᠯ ᠲᠠᠭᠡᠷ᠎ᠠ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ 《ᠦᠨᠳ᠋ᠤᠰᠤᠨ ᠬᠠᠤᠯᠢ ᠶᠢ ᠪᠠᠢ᠌ᠭᠤᠯᠭ᠎ᠠ ᠳ᠋ᠥ ᠤᠷᠤᠭᠤᠯᠬᠤ》 ᠭᠤᠤᠯ ᠰᠡᠳ᠋ᠤᠪᠳ᠋ᠤ ᠠᠵᠢᠯᠯᠠᠭ᠎ᠠ ᠲᠡᠶ ᠤᠶᠠᠯᠳ᠋ᠤᠭᠤᠯᠵᠤ᠂ ᠦᠨᠳ᠋ᠤᠰᠤᠨ ᠬᠠᠤᠯᠢ ᠶᠢᠨ ᠤᠬᠠᠭᠤᠯᠭ᠎ᠠ ᠶᠢᠨ ᠹᠢᠯᠢᠮ ᠢ ᠲᠦ᠋ᠪᠯᠡᠷᠡᠬᠦᠯᠤᠨ ᠦᠵᠡᠪᠡ᠃ ᠦᠨᠳ᠋ᠤᠰᠤᠨ ᠬᠠᠤᠯᠢ ᠪᠤᠯ ᠤᠯᠤᠰ ᠤᠨ ᠦᠨᠳ᠋ᠤᠰᠤ ᠪᠤᠯᠬᠤ ᠬᠠᠤᠯᠢ ᠮᠦ᠋ᠨ ᠭᠡᠬᠦ ᠲᠠᠨᠢᠯᠳ᠋ᠠ ᠪᠠᠨ ᠤᠯᠠᠮ ᠨᠢᠭᠡ ᠠᠯᠬᠤᠮ ᠨᠡᠮᠡᠭ᠍ᠳ᠋ᠡᠬᠦᠯᠵᠤ᠂ ᠦᠨᠳ᠋ᠤᠰᠤᠨ ᠬᠠᠤᠯᠢ ᠶᠢᠨ ᠡᠷᠭᠡ ᠰᠦ᠋ᠷ ᠪᠠ ᠨᠡᠷ᠎ᠠ ᠬᠦᠨᠳ᠋ᠤ ᠶᠢ ᠬᠦᠨᠵᠡᠭᠡᠢ ᠤᠢ᠌ᠯᠠᠭᠠᠪᠠ᠃ ᠤᠯᠠᠨ ᠶᠢᠡᠷ ᠶᠢᠡᠨ᠂ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠵᠢᠴᠢ ᠲᠠᠬᠦᠨ ᠤ ᠪᠠᠢ᠌ᠩᠭ᠋ᠤ ᠶᠢᠨ ᠬᠤᠷᠢᠶ᠎ᠠ ᠦᠨᠳ᠋ᠤᠰᠤᠨ ᠬᠠᠤᠯᠢ ᠪᠠ ᠬᠠᠤᠯᠢ ᠴᠠᠭᠠᠵᠨ ᠶᠢ ᠲᠤᠰ ᠵᠠᠰᠠᠭ ᠵᠠᠬᠢᠷᠭᠠᠨ ᠤ ᠬᠦᠷᠢᠶ᠎ᠠ ᠭᠡᠪᠴᠢᠶᠠᠨ ᠲᠤᠳ᠋ᠤᠷ᠎ᠠ ᠲᠤᠭᠤᠰᠢᠯᠠᠭᠤᠯᠤᠨ ᠨᠠᠢ᠌ᠳ᠋ᠠᠪᠤᠷᠢᠵᠢᠭᠤᠯᠬᠤ ᠴᠢᠬᠤᠯᠨ ᠡᠬᠦᠷᠭᠡ ᠬᠠᠷᠢᠭᠤᠴᠠᠯᠭ᠎ᠠ ᠲᠡᠶ᠂ ᠦᠨᠳ᠋ᠤᠰᠤᠨ ᠬᠠᠤᠯᠢ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ ᠨᠠᠢ᠌ᠳ᠋ᠠᠪᠤᠷᠢᠵᠢᠭᠤᠯᠬᠤ ᠳ᠋ᠥ ᠦᠯᠢᠭᠡᠷ ᠲᠠᠭᠤᠷᠢᠶᠠᠯ ᠪᠤᠯᠬᠤ ᠡᠬᠦᠷᠭᠡ ᠬᠠᠷᠢᠭᠤᠴᠠᠯᠭ᠎ᠠ ᠲᠡᠶ᠂ ᠬᠠᠤᠯᠢ ᠪᠠᠷ ᠵᠠᠰᠠᠬᠤ ᠢᠳ᠋ᠡᠭᠡᠯ ᠪᠢᠰᠢᠷᠡᠯ ᠶᠢᠡᠨ ᠤᠯᠠᠮ ᠨᠢᠭᠡ ᠠᠯᠬᠤᠮ ᠪᠤᠢ ᠪᠤᠯᠭᠠᠵᠤ᠂ ᠦᠨᠳ᠋ᠤᠰᠤᠨ ᠬᠠᠤᠯᠢ ᠶᠢᠨ ᠤᠬᠠᠮᠰᠠᠷ ᠶᠢᠡᠨ ᠴᠢᠩᠭ᠋ᠠᠷᠠᠭᠤᠯᠤᠨ᠂ ᠬᠠᠤᠯᠢ ᠶᠢ ᠵᠢᠷᠤᠮᠯᠠᠨ ᠬᠠᠤᠯᠢ ᠶᠢ ᠰᠤᠷᠤᠯᠴᠠᠵᠤ ᠬᠠᠤᠯᠢ ᠶᠢ ᠰᠠᠬᠢᠨ ᠬᠠᠤᠯᠢ ᠶᠢ ᠭᠡᠷᠡᠭ᠍ᠵᠢᠬᠦᠯᠬᠦ ᠵᠢᠱᠢᠶᠡᠴᠢ ᠪᠤᠯᠬᠤ ᠪᠠᠷ ᠴᠢᠷᠮᠠᠢ᠌ᠨ᠎ᠠ ᠭᠡᠵᠤ ᠢᠯᠡᠷᠭᠡᠢ᠌ᠯᠡᠵᠡᠭᠡᠪᠡ᠃

ᠡᠮᠦᠨᠡᠬᠢ᠄ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠬᠢᠨ ᠭᠡᠷᠡᠭ᠌ ᠶᠢᠡᠷ ᠦᠭᠡᠷᠡᠴᠢᠯᠡᠯᠳ᠋ᠠ ᠶᠢ ᠠᠬᠢᠭᠤᠯᠵᠤ ᠤᠯᠤᠰ ᠲᠦ᠋ᠷᠤ ᠶᠢᠨ ᠠᠮᠢ ᠠᠬᠤᠢ ᠶᠢ ᠪᠦᠬᠦ ᠲᠠᠯ᠎ᠠ ᠪᠠᠷ ᠰᠡᠷᠬᠦᠭᠡᠨ ᠴᠡᠪᠡᠷᠰᠢᠬᠦᠯᠬᠦ ᠲᠤᠰᠬᠠᠢ ᠰᠡᠳ᠋ᠤᠪᠳ᠋ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠬᠤᠷᠠᠯᠳ᠋ᠤᠭᠤᠯᠪᠠ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠬᠢᠨ ᠭᠡᠷᠡᠭ᠌ ᠶᠢᠡᠷ ᠦᠭᠡᠷᠡᠴᠢᠯᠡᠯᠳ᠋ᠠ ᠶᠢ ᠠᠬᠢᠭᠤᠯᠵᠤ ᠤᠯᠤᠰ ᠲᠦ᠋ᠷᠤ ᠶᠢᠨ ᠠᠮᠢ ᠠᠬᠤᠢ ᠶᠢ ᠪᠦᠬᠦ ᠲᠠᠯ᠎ᠠ ᠪᠠᠷ ᠰᠡᠷᠬᠦᠭᠡᠨ ᠴᠡᠪᠡᠷᠰᠢᠬᠦᠯᠬᠦ ᠲᠤᠰᠬᠠᠢ ᠰᠡᠳ᠋ᠤᠪᠳ᠋ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠬᠤᠷᠠᠯᠳ᠋ᠤᠭᠤᠯᠪᠠ