ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠬᠢᠨ ᠭᠡᠷᠡᠭ᠌ ᠶᠢᠡᠷ ᠦᠭᠡᠷᠡᠴᠢᠯᠡᠯᠳ᠋ᠠ ᠶᠢ ᠠᠬᠢᠭᠤᠯᠵᠤ ᠤᠯᠤᠰ ᠲᠦ᠋ᠷᠤ ᠶᠢᠨ ᠠᠮᠢ ᠠᠬᠤᠢ ᠶᠢ ᠪᠦᠬᠦ ᠲᠠᠯ᠎ᠠ ᠪᠠᠷ ᠰᠡᠷᠬᠦᠭᠡᠨ ᠴᠡᠪᠡᠷᠰᠢᠬᠦᠯᠬᠦ ᠲᠤᠰᠬᠠᠢ ᠰᠡᠳ᠋ᠤᠪᠳ᠋ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠬᠤᠷᠠᠯᠳ᠋ᠤᠭᠤᠯᠪᠠ

12 ᠰᠠᠷ᠎ᠠ ᠶᠢᠨ10 ᠤ ᠡᠳ᠋ᠤᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠬᠢᠨ ᠭᠡᠷᠡᠭ᠌ ᠶᠢᠡᠷ ᠦᠭᠡᠷᠡᠴᠢᠯᠡᠯᠳ᠋ᠠ ᠶᠢ ᠠᠬᠢᠭᠤᠯᠵᠤ᠂ ᠤᠯᠤᠰ ᠲᠦ᠋ᠷᠤ ᠶᠢᠨ ᠠᠮᠢ ᠠᠬᠤᠢ ᠶᠢ ᠪᠦᠬᠦ ᠲᠠᠯ᠎ᠠ ᠪᠠᠷ ᠰᠡᠷᠬᠦᠭᠡᠨ ᠴᠡᠪᠡᠷᠰᠢᠬᠦᠯᠬᠦ ᠲᠤᠰᠬᠠᠢ ᠰᠡᠳ᠋ᠤᠪᠳ᠋ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠬᠤᠷᠠᠯᠳ᠋ᠤᠭᠤᠯᠪᠠ᠃ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠱᠦ᠋ᠵᠢ᠂ ᠡᠷᠬᠢᠯᠡᠭ᠍ᠴᠢ ᠡᠤ ᠴᠢᠩ ᠬᠠᠢ ᠬᠤᠷᠠᠯ ᠡᠷᠬᠢᠯᠡᠬᠦ ᠶᠢᠨ ᠬᠠᠮᠳ᠋ᠤ ᠳ᠋ᠦ᠋ᠩᠨᠡᠯᠳ᠋ᠠ ᠶᠢᠨ ᠶᠠᠷᠢᠶ᠎ᠠ ᠬᠢᠪᠡ᠃ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠠᠳ᠋ ᠡᠷᠬᠢᠯᠡᠭ᠍ᠴᠢ ᠶᠢᠨ ᠵᠢᠱᠢᠭ᠍ᠳ᠋ᠡᠭ᠍ᠴᠢ ᠵᠠᠩ ᠶᠦ᠋ᠩ ᠴᠢᠶᠠᠩ᠂ ᠵᠠᠩ ᠴᠦ᠋ᠨ ᠡᠾᠦ᠋ᠢ ᠪᠠ ᠬᠤᠰᠢᠭᠤᠨ ᠤ ᠬᠢᠨᠠᠨ ᠪᠠᠢ᠌ᠴᠠᠭᠠᠬᠤ ᠵᠦ᠋ᠪᠯᠡᠯ ᠤᠨ ᠭᠡᠰᠢᠬᠦᠨ ᠵᠢᠨ ᠭᠠᠩ ᠬᠤᠷᠠᠯ ᠳ᠋ᠥ ᠰᠤᠯᠨ ᠤᠷᠤᠯᠴᠠᠪᠠ᠃

ᠬᠤᠷᠠᠯ ᠡᠴᠨ ᠲᠤᠰᠬᠠᠢ ᠰᠡᠳ᠋ᠤᠪᠳ᠋ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠤᠨ ᠰᠠᠨᠠᠯ ᠬᠤᠷᠢᠶᠠᠭᠰᠨᠨ ᠪᠠᠢ᠌ᠳ᠋ᠠᠯ ᠢ ᠨᠡᠪᠳ᠋ᠡᠷᠡᠭᠡᠪᠡ᠃ ᠬᠤᠷᠠᠯ ᠲᠠᠭᠡᠷ᠎ᠠ᠂ ᠡᠤ ᠴᠢᠩ ᠬᠠᠢ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠤᠳ᠋ᠤᠷᠢᠳᠬᠤ ᠪᠠᠭ ᠢ ᠲᠦ᠋ᠯᠤᠭᠡᠯᠡᠨ ᠬᠠᠷᠢᠴᠠᠭᠤᠯᠤᠨ ᠪᠠᠢ᠌ᠴᠠᠭᠠᠵᠤ᠂ ᠤᠳ᠋ᠤᠷᠢᠳᠬᠤ ᠪᠠᠭ ᠤᠨ ᠪᠦᠷᠢᠯᠳ᠋ᠤᠬᠦᠨ ᠲᠠᠷᠠᠭᠠᠯᠠᠨ ᠬᠠᠷᠢᠴᠠᠭᠤᠯᠤᠨ ᠪᠠᠢ᠌ᠴᠠᠭᠠᠬᠤ ᠶᠢᠨ ᠬᠠᠮᠳ᠋ᠤ ᠰᠢᠬᠦᠮᠵᠢᠯᠡᠯ ᠪᠠ ᠦᠪᠡᠷ ᠤᠨ ᠰᠢᠬᠦᠮᠵᠢᠯᠡᠯ ᠬᠢᠵᠤ᠂ ᠪᠤᠰᠤᠤᠨ ᠨᠦ᠋ᠬᠦᠤᠨ ᠰᠢᠬᠦᠮᠵᠢᠯᠡᠬᠦ ᠰᠠᠨᠠᠯ ᠲᠤᠷᠠᠳᠴᠠᠢ᠃

ᠡᠤ ᠴᠢᠩ ᠬᠠᠢ ᠳ᠋ᠦ᠋ᠩᠨᠡᠯᠳ᠋ᠠ ᠶᠢᠨ ᠶᠠᠷᠢᠶᠠᠨ ᠳᠠᠭᠠᠨ᠂ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠪᠦᠷᠢᠯᠳ᠋ᠤᠬᠦᠨ ᠭᠡᠰᠢᠬᠦᠨ ᠤᠯᠤᠰ ᠲᠦ᠋ᠷᠤ ᠶᠢᠨ ᠪᠠᠢ᠌ᠭᠤᠯᠤᠯᠳ᠋ᠠ ᠪᠠᠨ ᠴᠢᠩᠭ᠋ᠠᠳᠬᠠᠵᠤ᠂ ᠤᠯᠤᠰ ᠲᠦ᠋ᠷᠤ ᠶᠢᠨ ᠵᠤᠭᠰᠤᠴᠨ ᠪᠠᠨ ᠲᠠᠰᠤᠷᠠᠯᠳ᠋ᠠ ᠦᠭᠡᠶ ᠲᠠᠭᠡᠭ᠍ᠰᠢᠯᠡᠬᠦᠯᠤᠨ᠂ ᠨᠠᠮ ᠤᠨ ᠡᠯ᠎ᠠ ᠵᠤᠢ᠌ᠯ ᠤᠨ ᠰᠢ᠌ᠳᠪᠤᠷᠢᠳ᠋ᠤ ᠪᠤᠳ᠋ᠤᠯᠭ᠎ᠠ ᠶᠢᠨ ᠪᠠᠢ᠌ᠷᠢᠯᠠᠭᠤᠯᠤᠯᠳ᠋ᠠ ᠶᠢ ᠡᠷᠡᠰ ᠲᠤᠭᠤᠰᠢᠯᠠᠭᠤᠯᠤᠨ ᠨᠠᠢ᠌ᠳ᠋ᠠᠪᠤᠷᠢᠵᠢᠭᠤᠯᠵᠤ᠂ ᠰᠢ ᠵᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳ᠋ᠠᠳ᠋ᠤ ᠤᠯᠤᠰ ᠤᠨ ᠤᠨᠴᠠᠯᠢᠭ ᠲᠡᠶ ᠨᠡᠢ᠌ᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠤᠯᠤᠭᠠᠢ ᠪᠠᠨ ᠵᠡᠪᠰᠡᠭᠯᠡᠨ᠂ ᠨᠠᠮ ᠤᠨ ᠠᠷᠪᠠ ᠶᠢᠰᠤᠳ᠋ᠤᠭᠡᠷ ᠬᠤᠭᠤᠴᠠᠭᠠᠨ ᠤ ᠵᠢᠷᠭᠤᠳ᠋ᠤᠭᠠᠷ ᠪᠦᠬᠦᠳ᠋ᠠ ᠬᠤᠷᠠᠯ ᠤᠨ ᠵᠤᠷᠢᠭ ᠰᠠᠨᠠᠭ᠎ᠠ ᠪᠠ ᠶᠡᠷᠤᠩᠭᠡᠢ ᠱᠦ᠋ᠵᠢ ᠰᠢ ᠵᠢᠨ ᠫᠢᠩ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠰᠢᠷᠢᠰ ᠴᠢᠬᠤᠯᠨ ᠦᠬᠦᠯᠡᠯᠳ᠋ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠭᠤᠤᠯ ᠠᠵᠢᠯ ᠤᠨ ᠲᠤᠭᠤᠷᠢᠨ ᠳ᠋ᠥ᠂ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠠᠵᠢᠯ ᠢ ᠰᠠᠢ᠌ᠳ᠋ᠤᠷ ᠦᠷᠨᠢᠬᠦᠯᠤᠨ᠂ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠬᠦᠴᠤᠨ ᠢ ᠨᠢᠭᠳ᠋ᠠᠷᠠᠭᠤᠯᠵᠤ᠂ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠤᠢ᠌ᠯᠡᠳ᠋ᠤᠯ ᠢ ᠬᠦᠢᠴᠡᠳ ᠪᠠᠳ᠋ᠠᠷᠠᠭᠤᠯᠤᠨ᠂ 《ᠲᠦ᠋ᠷᠪᠠᠨ ᠤᠬᠠᠮᠰᠠᠷ》 《ᠲᠦ᠋ᠷᠪᠠᠨ ᠢᠳ᠋ᠡᠭᠡᠯ》 《ᠬᠤᠶᠠᠷ ᠢ ᠬᠠᠮᠠᠭᠠᠯᠠᠬᠤ》 ᠶᠢ ᠨᠠᠮ ᠤᠨ ᠵᠢᠯᠤᠭᠤᠳ᠋ᠤᠯᠭ᠎ᠠ ᠶᠢ ᠲᠠᠭᠠᠬᠤ᠂ ᠨᠠᠮ ᠤᠨ ᠲᠦ᠋ᠯᠤᠭᠡ ᠬᠠᠷᠢᠭᠤᠴᠠᠯᠭ᠎ᠠ ᠪᠠᠨ ᠬᠦᠢᠴᠡᠳᠭᠡᠬᠦ ᠪᠤᠳ᠋ᠠᠳ᠋ᠠᠢ ᠠᠵᠢᠯᠯᠠᠭ᠎ᠠ ᠪᠤᠯᠭᠠᠨ ᠬᠤᠪᠢᠷᠠᠭᠤᠯᠬᠤ ᠭᠡᠷᠡᠭ᠍ᠳ᠋ᠡᠢ ᠭᠡᠵᠤ ᠴᠢᠬᠤᠯᠠᠴᠢᠯᠠᠵᠠᠢ᠃
ᠡᠤ ᠴᠢᠩ ᠬᠠᠢ ᠡᠴᠨ᠂ ᠲᠤᠰ ᠤᠳ᠋ᠠᠭᠠᠨ ᠤ ᠲᠤᠰᠬᠠᠢ ᠰᠡᠳ᠋ᠤᠪᠳ᠋ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠶᠢᠡᠷ ᠲᠤᠬᠢᠶᠠᠯ ᠪᠤᠯᠭᠠᠵᠤ᠂ ᠲᠤᠳ᠋ᠠᠭᠳ᠋ᠠᠯ ᠳ᠋ᠥ ᠵᠦ᠋ᠪ ᠶᠢᠡᠷ ᠬᠠᠨᠳ᠋ᠤᠨ᠂ ᠲᠠᠪᠠᠭᠤᠯᠢᠭ ᠲᠠᠯᠳ᠋ᠠ ᠬᠦᠴᠤᠨ ᠶᠢᠡᠨ ᠬᠦᠨᠵᠡᠭᠡᠢ ᠠᠭᠤᠳ᠋ᠠᠯᠵᠤ᠂ ᠠᠵᠢᠯ ᠤᠨ ᠰᠤᠷᠳ᠋ᠠᠯ ᠶᠢᠡᠨ ᠰᠠᠢ᠌ᠵᠢᠷᠠᠭᠤᠯᠤᠨ᠂ ᠴᠡᠭ᠍ᠴᠡᠯᠡᠨ ᠰᠠᠢ᠌ᠵᠢᠷᠠᠭᠤᠯᠬᠤ ᠠᠷᠭ᠎ᠠ ᠠᠪᠴᠠᠯ ᠶᠢᠡᠨ ᠵᠤᠢ᠌ᠯ ᠲᠠᠷᠠᠭᠠᠯᠠᠨ ᠲᠤᠭᠳ᠋ᠠᠭᠠᠵᠤ᠂ ᠲᠦ᠋ᠷᠢᠮ ᠤᠨ ᠭᠡᠷᠡᠭ᠍ᠵᠢᠬᠦᠯᠦᠯᠳ᠋ᠠ ᠳ᠋ᠥ ᠬᠢᠨᠠᠯᠳ᠋ᠠ ᠲᠠᠯᠪᠢᠬᠤ ᠪᠠᠨ ᠴᠢᠩᠭ᠋ᠠᠳᠬᠠᠨ᠂ ᠠᠰᠠᠭᠤᠳ᠋ᠠᠯ ᠢ ᠴᠡᠭ᠍ᠴᠡᠯᠡᠨ ᠰᠠᠢ᠌ᠵᠢᠷᠠᠭᠤᠯᠵᠤ ᠨᠠᠢ᠌ᠳ᠋ᠠᠪᠤᠷᠢᠵᠢᠭᠤᠯᠬᠤ ᠠᠵᠢᠯ ᠢ ᠯᠠᠪᠳ᠋ᠠᠭᠤᠨ ᠪᠠᠳ᠋ᠤᠳ᠋ᠠᠢ ᠰᠠᠢ᠌ᠳ᠋ᠤᠷ ᠬᠢᠬᠦ ᠭᠡᠷᠡᠭ᠍ᠳ᠋ᠡᠢ᠃ ᠢᠮᠠᠭᠳ᠋ᠠ ᠨᠠᠮ ᠤᠨ ᠲᠦ᠋ᠷᠢᠮ ᠨᠠᠮ ᠤᠨ ᠲᠤᠭᠳ᠋ᠠᠭᠠᠯ ᠤᠨ ᠱᠠᠭᠠᠷᠳ᠋ᠠᠯᠭ᠎ᠠ ᠶᠤᠰᠤᠭᠠᠷ ᠪᠠᠶ᠎ᠠ ᠪᠠᠨ ᠴᠢᠩᠭ᠎ᠠ ᠱᠠᠭᠠᠷᠳ᠋ᠠᠵᠤ᠂ ᠨᠠᠮ ᠤᠨ ᠲᠤᠳ᠋ᠤᠭᠠᠳ᠋ᠤ ᠶᠢᠨ ᠬᠢᠨᠠᠯᠳ᠋ᠠ᠂ ᠨᠠᠮ ᠤᠨ ᠭᠠᠳ᠋ᠠᠨᠠᠬᠢ ᠬᠢᠨᠠᠯᠳ᠋ᠠ ᠪᠠ ᠶᠠᠷᠢᠶ᠎ᠠ ᠭᠡᠯᠡᠯᠴᠡᠭᠡᠨ ᠤ ᠬᠢᠨᠠᠯᠳ᠋ᠠ ᠶᠢ ᠤᠬᠠᠮᠰᠠᠷ ᠡᠴᠨ ᠪᠠᠨ ᠬᠦᠯᠢᠶᠡᠵᠤ᠂ 〈ᠨᠢᠭᠡᠳ᠋ᠤᠭᠡᠷ ᠬᠠᠷᠢᠭᠤᠴᠠᠯᠭᠠᠳ᠋ᠠᠨ〉 ᠪᠠ 〈ᠨᠢᠭᠡ ᠠᠵᠢᠯ ᠤᠨ ᠪᠠᠢ᠌ᠷᠢ ᠶᠢᠨ ᠬᠤᠤᠰ ᠬᠠᠷᠢᠭᠤᠴᠠᠯᠭ᠎ᠠ〉 ᠶᠢᠨ ᠬᠠᠷᠢᠭᠤᠴᠠᠯᠭ᠎ᠠ ᠶᠢ ᠲᠦ᠋ᠷᠤᠬᠦᠯᠡᠨ ᠴᠢᠩᠭ᠋ᠠᠳᠬᠠᠵᠤ᠂ 〈ᠲᠦ᠋ᠷᠪᠠᠨ ᠰᠤᠷᠳ᠋ᠠᠯ〉 ᠢ ᠡᠷᠡᠰ ᠡᠰᠡᠷᠬᠦᠴᠡᠨ᠂ ᠰᠤᠷᠳ᠋ᠠᠯ ᠶᠢᠡᠨ ᠬᠤᠪᠢᠷᠠᠭᠤᠯᠵᠤ᠂ ᠰᠢᠨ᠎ᠠ ᠰᠤᠷᠳ᠋ᠠᠯ ᠢ ᠪᠤᠢ ᠪᠤᠯᠭᠠᠨ᠂ ᠲᠦ᠋ᠷᠢᠮ ᠲᠤᠭᠳ᠋ᠠᠭᠠᠯ ᠢ ᠵᠢᠷᠤᠮᠯᠠᠨ ᠰᠠᠬᠢᠯᠭ᠎ᠠ ᠪᠠᠳ᠋ᠤ ᠪᠠᠷ ᠦᠪᠡᠷ ᠢ ᠪᠠᠨ ᠱᠠᠭᠠᠷᠳ᠋ᠠᠬᠤ ᠶᠢ ᠢᠮᠠᠭᠳ᠋ᠠ ᠪᠠᠷᠢᠮᠳ᠋ᠠᠯᠠᠵᠤ᠂ ᠨᠠᠮ ᠢ ᠨᠠᠮ ᠬᠠᠮᠢᠶᠠᠷᠬᠤ᠂ ᠨᠠᠮ ᠢ ᠴᠢᠩᠭ᠎ᠠ ᠵᠠᠰᠠᠬᠤ ᠡᠯ᠎ᠠ ᠵᠤᠢ᠌ᠯ ᠤᠨ ᠱᠠᠭᠠᠷᠳ᠋ᠠᠯᠭ᠎ᠠ ᠶᠢ ᠪᠤᠳ᠋ᠠᠳ᠋ᠠᠢ ᠨᠠᠢ᠌ᠳ᠋ᠠᠪᠤᠷᠢᠵᠢᠭᠤᠯᠬᠤ ᠭᠡᠷᠡᠭ᠍ᠳ᠋ᠡᠢ ᠭᠡᠵᠤ ᠱᠠᠭᠠᠷᠳ᠋ᠠᠵᠠᠢ᠃ (ᠳ᠋ᠠᠢ ᠰᠢᠶᠦ᠋ᠩ)