ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠬᠦᠷ ᠤᠨᠴᠠᠭᠠᠢ ᠫᠷᠦᠭ᠍ᠷᠡᠮ ᠲᠠᠭᠤᠷᠢᠶᠠᠯ 6 ᠶᠢ ᠬᠦᠯᠢᠶᠠᠨ ᠠᠪᠴᠤ ᠦᠵᠡᠪᠡ

12 ᠰᠠᠷ᠎ᠠ ᠶᠢᠨ 10 ᠤ ᠡᠳ᠋ᠤᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠬᠦᠷ ᠲᠤᠰᠬᠠᠢ ᠰᠡᠳ᠋ᠤᠪᠳ᠋ᠤ ᠬᠤᠷᠠᠯ ᠬᠤᠷᠠᠯᠳ᠋ᠤᠭᠤᠯᠤᠨ ᠨᠠᠮ ᠊ᠤᠨ ᠲᠦ᠋ᠪ ᠬᠤᠷᠢᠶᠠᠨ ᠊ᠤ ᠵᠤᠬᠢᠶᠠᠨ ᠪᠠᠢ᠌ᠭᠤᠯᠬᠤ ᠬᠡᠯᠲᠡᠰ ᠪᠠ ᠲᠦ᠋ᠪ ᠤᠨ ᠷᠠᠳ᠋ᠢᠤ᠋ ᠲᠸᠯᠸᠢᠰ ᠤᠨ ᠶᠡᠷᠤᠩᠭᠡᠢ ᠬᠤᠷᠢᠶ᠎ᠠ ᠬᠠᠮᠳ᠋ᠤᠷᠠᠵᠤ ᠰᠢᠩᠭᠡᠭᠡᠨ ᠦᠢᠯᠡᠳ᠋ᠦᠭ᠍ᠰᠨᠨ ᠨᠠᠮ ᠪᠠᠢ᠌ᠭᠤᠯᠤᠭᠳ᠋ᠠᠭᠰᠨᠨ100 ᠵᠢᠯ ᠤᠨ ᠤᠢ ᠶᠢᠨ ᠤᠨᠴᠠᠭᠠᠢ ᠫᠷᠦᠭ᠍ᠷᠡᠮ 《ᠲᠠᠭᠤᠷᠢᠶᠠᠯ 6》 ᠶᠢ ᠬᠦᠯᠢᠶᠠᠨ ᠠᠪᠴᠤ ᠦᠵᠡᠪᠡ᠃ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠬᠦᠷ ᠤᠨ ᠱᠦ᠋ᠵᠢ ᠯᠢ ᠴᠸᠩ ᠬᠦᠸᠸ ᠵᠢᠴᠢ ᠪᠠᠢ᠌ᠭᠤᠯᠭ᠎ᠠ ᠶᠢᠨ ᠪᠦᠬᠦ ᠨᠠᠮ ᠤᠨ ᠭᠡᠰᠢᠬᠦᠨ ᠺᠠᠳ᠋ᠷ ᠤᠷᠤᠯᠴᠠᠪᠠ᠃

ᠤᠨᠴᠠᠭᠠᠢ ᠫᠷᠦᠭ᠍ᠷᠡᠮ 《ᠲᠠᠭᠤᠷᠢᠶᠠᠯ 6》 ᠶᠢ ᠬᠦᠯᠢᠶᠠᠨ ᠠᠪᠴᠤ ᠦᠵᠡᠭ᠍ᠰᠨᠨ ᠤ ᠲᠠᠷᠠᠭ᠎ᠠ᠂ ᠪᠦᠬᠦᠳ᠋ᠡᠭᠡᠷ ᠶᠢᠡᠨ 《7.1 ᠊ᠤ ᠭᠠᠪᠢᠶᠠᠨ ᠲᠠᠮᠳ᠋ᠡᠭ᠌》 ᠬᠦᠷᠳ᠋ᠡᠭ᠍ᠰᠨᠳ ᠡᠴᠨ ᠲᠠᠭᠠᠨ ᠰᠤᠷᠤᠯᠴᠠᠵᠤ᠂ ᠦᠯᠢᠭᠡᠷ ᠲᠠᠭᠤᠷᠢᠶᠠᠯ ᠶᠢᠡᠷ ᠦᠪᠡᠷ ᠢ ᠪᠠᠨ ᠵᠤᠷᠢᠭᠵᠢᠭᠤᠯᠤᠨ᠂ ᠲᠠᠷᠢᠬᠦᠨ ᠤ ᠬᠢ ᠶᠢ ᠡᠷᠬᠢᠮᠯᠡᠵᠤ᠂ ᠤᠭ ᠰᠠᠨᠠᠭ᠎ᠠ ᠪᠠᠨ ᠦᠯᠤ ᠮᠠᠷᠳ᠋ᠠᠨ᠂ ᠡᠷᠡᠮᠡᠭᠡᠢ᠌ᠯᠡᠨ ᠤᠷᠤᠭᠰᠢᠯᠠᠵᠤ᠂ ᠰᠢᠨ᠎ᠠ ᠴᠠᠭ ᠦᠶ᠎ᠠ ᠶᠢᠨ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠠᠵᠢᠯ ᠢ ᠯᠠᠪᠳ᠋ᠠᠭᠤᠨ ᠪᠠᠳ᠋ᠤᠳ᠋ᠠᠢ ᠰᠠᠢ᠌ᠳ᠋ᠤᠷ ᠬᠢᠵᠤ᠂ ᠡᠬᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠬᠦᠢᠴᠡᠳᠭᠡᠨ᠂ ᠠᠵᠢᠯ ᠤᠨ ᠲᠦ᠋ᠪᠰᠢᠨ ᠶᠢᠡᠨ ᠲᠠᠰᠤᠷᠠᠯᠳ᠋ᠠ ᠦᠭᠡᠶ ᠲᠠᠭᠡᠭ᠍ᠰᠢᠯᠡᠬᠦᠯᠵᠤ᠂ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠺᠠᠳ᠋ᠷ ᠤᠨ ᠰᠠᠢ᠌ᠨ ᠰᠠᠢ᠌ᠬᠠᠨ ᠲᠦ᠋ᠷᠢ ᠲᠦ᠋ᠷᠬᠦ ᠶᠢ ᠢᠯᠡᠷᠡᠭᠦᠯᠦᠨ᠎ᠠ ᠭᠡᠵᠡᠢ᠃