ᠤᠳᠤ ᠶᠢᠨ ᠪᠠᠢ᠌ᠷᠢ᠄ ᠴᠢᠬᠤᠯᠠ ᠮᠡᠳᠡᠭᠡ → ᠡᠤ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠤ᠁
ᠡᠤ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠤ ᠶᠠᠳ᠋ᠠᠭᠤ ᠡᠴᠨ ᠠᠩᠬᠢᠵᠢᠷᠠᠭᠤᠯᠬᠤ ᠪᠠᠬᠢᠯᠡᠯᠳ᠋ᠠ ᠰᠢᠪᠳ᠋ᠤᠯᠤᠭᠰᠨᠨ ᠦᠷ᠎ᠠ ᠪᠦᠳ᠋ᠤᠭᠡᠯ ᠢ ᠪᠠᠬᠢᠵᠢᠬᠦᠯᠦᠭ᠍ᠰᠨᠨ ᠤ ᠲᠠᠷᠠᠭᠠᠬᠢ ᠦᠨᠡᠯᠡᠨ ᠵᠢᠱᠢᠬᠦ ᠠᠵᠢᠯ ᠢ ᠬᠢᠨᠠᠨ ᠵᠢᠯᠤᠭᠤᠳᠪᠠ

          

          ᠶᠠᠳ᠋ᠠᠭᠤ ᠡᠴᠨ ᠠᠩᠬᠢᠵᠢᠷᠠᠭᠤᠯᠬᠤ ᠪᠠᠬᠢᠯᠡᠯᠳ᠋ᠠ ᠰᠢᠪᠳ᠋ᠤᠯᠤᠭᠰᠨᠨ ᠦᠷ᠎ᠠ ᠪᠦᠳ᠋ᠤᠭᠡᠯ ᠢ ᠪᠠᠬᠢᠵᠢᠬᠦᠯᠬᠦ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭ᠋ᠠᠳᠬᠠᠨ ᠪᠠᠬᠢᠵᠢᠬᠦᠯᠵᠤ᠂ ᠲᠠᠬᠢᠨ ᠶᠠᠳ᠋ᠠᠭᠤᠷᠠᠬᠤ ᠶᠢ ᠰᠡᠷᠭᠡᠢ᠌ᠯᠡᠬᠦ ᠬᠢᠨᠠᠨ ᠭᠡᠮᠵᠢᠬᠦ ᠪᠠ ᠶᠠᠳ᠋ᠠᠭᠤ ᠶᠢ ᠲᠡᠳᠬᠦᠬᠦ ᠠᠵᠢᠯ ᠢ ᠰᠠᠢ᠌ᠳ᠋ᠤᠷ ᠬᠢᠬᠦ ᠶᠢᠨ ᠲᠦ᠋ᠯᠤᠭᠡ᠂12 ᠰᠠᠷ᠎ᠠ ᠶᠢᠨ19 ᠤ ᠡᠳ᠋ᠤᠷ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠤ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳ᠋ᠥ ᠬᠦᠨᠵᠡᠭᠡᠢ᠌ᠷᠡᠨ᠂ ᠰᠠᠭᠤᠳ᠋ᠠᠯ ᠤᠨ ᠬᠤᠷᠠᠯ ᠬᠤᠷᠠᠯᠳ᠋ᠤᠭᠤᠯᠬᠤ᠂ ᠠᠵᠢᠯ ᠤᠨ ᠮᠡᠳ᠋ᠡᠬᠦᠯᠤᠯᠳ᠋ᠠ ᠰᠤᠨᠤᠰᠬᠤ ᠭᠡᠯᠪᠡᠷᠢ ᠪᠠᠷ ᠲᠠᠮᠵᠢᠭᠤᠯᠵᠤ᠂ ᠶᠠᠳ᠋ᠠᠭᠤ ᠡᠴᠨ ᠠᠩᠬᠢᠵᠢᠷᠠᠭᠤᠯᠬᠤ ᠪᠠᠬᠢᠯᠡᠯᠳ᠋ᠠ ᠰᠢᠪᠳ᠋ᠤᠯᠤᠭᠰᠨᠨ ᠦᠷ᠎ᠠ ᠪᠦᠳ᠋ᠤᠭᠡᠯ ᠢ ᠪᠠᠬᠢᠵᠢᠬᠦᠯᠦᠭ᠍ᠰᠨᠨ ᠤ ᠲᠠᠷᠠᠭᠠᠬᠢ ᠦᠨᠡᠯᠡᠨ ᠵᠢᠱᠢᠬᠦ ᠠᠵᠢᠯ ᠢ ᠲᠤᠬᠠᠢ ᠶᠢᠨ ᠭᠠᠵᠠᠷ ᠲᠣ ᠬᠢᠨᠠᠨ ᠵᠢᠯᠤᠭᠤᠳᠪᠠ᠃ ᠪᠠᠯᠭᠠᠰᠤᠨ ᠤ ᠨᠠᠮ ᠵᠠᠰᠠᠭ ᠤᠨ ᠤᠳ᠋ᠤᠷᠢᠳᠬᠤ ᠪᠠᠭ ᠤᠨ ᠪᠦᠷᠢᠯᠳ᠋ᠤᠬᠦᠨ᠂ ᠡᠯ᠎ᠠ ᠭᠠᠴᠠᠭᠠᠨ (ᠰᠠᠭᠤᠭᠠᠯᠢ ᠲᠤᠭᠤᠷᠢᠭ) ᠤ ᠨᠠᠮ ᠤᠨ ᠡᠬᠦᠷ ᠤᠨ ᠱᠦ᠋ᠵᠢ᠂ ᠨᠢᠭᠡᠳ᠋ᠤᠭᠡᠷ ᠱᠦ᠋ᠵᠢ᠂ ᠭᠠᠴᠠᠭ᠎ᠠ ᠳ᠋ᠥ ᠰᠠᠭᠤᠭ᠎ᠠ ᠠᠵᠢᠯᠯᠠᠬᠤ ᠠᠩᠬᠢ ᠶᠢᠨ ᠬᠢᠨ ᠵᠢᠴᠢ ᠬᠠᠮᠢᠶ᠎ᠠ ᠪᠦᠬᠦᠢ ᠰᠠᠯᠠᠭ᠎ᠠ ᠮᠦ᠋ᠴᠢᠷ ᠤᠨ ᠬᠠᠷᠢᠭᠤᠴᠠᠯᠭᠠᠳ᠋ᠠᠨ ᠰᠠᠭᠤᠳ᠋ᠠᠯ ᠤᠨ ᠬᠤᠷᠠᠯ ᠳ᠋ᠥ ᠤᠷᠤᠯᠴᠠᠪᠠ᠃

          

          ᠡᠤ ᠴᠢᠩ ᠬᠠᠢ ᠡᠴᠨ᠂ ᠶᠠᠳ᠋ᠠᠭᠤ ᠡᠴᠨ ᠠᠩᠬᠢᠵᠢᠷᠠᠭᠤᠯᠬᠤ ᠪᠠᠬᠢᠯᠡᠯᠳ᠋ᠠ ᠰᠢᠪᠳ᠋ᠤᠯᠤᠭᠰᠨᠨ ᠦᠷ᠎ᠠ ᠪᠦᠳ᠋ᠤᠭᠡᠯ ᠢ ᠪᠠᠬᠢᠵᠢᠬᠦᠯᠤᠨ ᠦᠷᠭᠡᠳᠭᠡᠵᠤ᠂ ᠬᠦᠳ᠋ᠡᠭᠡ ᠲᠤᠰᠬᠤᠨ ᠢ ᠪᠦᠬᠦ ᠲᠠᠯ᠎ᠠ ᠪᠠᠷ ᠬᠦᠭ᠍ᠵᠢᠬᠦᠯᠤᠨ ᠮᠠᠨᠳ᠋ᠤᠭᠤᠯᠬᠤ ᠶᠢ ᠦᠷᠬᠦᠯᠵᠢᠯᠡᠨ ᠠᠬᠢᠭᠤᠯᠬᠤ ᠪᠤᠯ ᠨᠠᠮ ᠤᠨ ᠲᠦ᠋ᠪ ᠬᠤᠷᠢᠶᠠᠨ ᠤ ᠪᠠᠢ᠌ᠯᠳ᠋ᠤᠬᠤ ᠪᠤᠳ᠋ᠤᠯᠭ᠎ᠠ ᠶᠢᠨ ᠦᠨᠳ᠋ᠤᠷᠴᠨ ᠡᠴᠨ ᠭᠠᠷᠭᠠᠭᠰᠨᠨ ᠴᠢᠬᠤᠯᠨ ᠶᠡᠭᠡ ᠰᠢ᠌ᠳᠪᠤᠷᠢᠳ᠋ᠤ ᠪᠤᠳ᠋ᠤᠯᠭ᠎ᠠ ᠮᠦ᠋ᠨ᠂ ᠤᠯᠤᠰ ᠤᠨ ᠬᠦᠭ᠍ᠵᠢᠯᠳ᠋ᠠ ᠶᠢᠨ ᠪᠦᠬᠦ ᠲᠠᠯ᠎ᠠ ᠳ᠋ᠥ ᠬᠤᠯᠪᠤᠭᠳ᠋ᠠᠬᠤ ᠭᠤᠤᠯᠳ᠋ᠠᠯᠭ᠎ᠠ ᠲᠡᠶ ᠠᠵᠢᠯ ᠮᠦ᠋ᠨ᠂ ᠶᠠᠳ᠋ᠠᠭᠤ ᠡᠴᠨ ᠠᠩᠬᠢᠵᠢᠷᠠᠭᠤᠯᠬᠤ ᠪᠠᠬᠢᠯᠡᠯᠳ᠋ᠠ ᠰᠢᠪᠳ᠋ᠤᠯᠤᠭᠰᠨᠨ ᠦᠷ᠎ᠠ ᠪᠦᠳ᠋ᠤᠭᠡᠯ ᠢ ᠪᠠᠬᠢᠵᠢᠬᠦᠯᠦᠭ᠍ᠰᠨᠨ ᠤ ᠲᠠᠷᠠᠭᠠᠬᠢ ᠦᠨᠡᠯᠡᠨ ᠵᠢᠱᠢᠬᠦ ᠠᠵᠢᠯ ᠪᠤᠯ ᠶᠠᠳ᠋ᠠᠭᠤ ᠡᠴᠨ ᠠᠩᠬᠢᠵᠢᠷᠠᠭᠤᠯᠬᠤ ᠪᠠᠬᠢᠯᠡᠯᠳ᠋ᠠ ᠰᠢᠪᠳ᠋ᠤᠯᠤᠭᠰᠨᠨ ᠦᠷ᠎ᠠ ᠪᠦᠳ᠋ᠤᠭᠡᠯ ᠢ ᠪᠠᠬᠢᠵᠢᠬᠦᠯᠬᠦ ᠶᠢ ᠪᠦᠬᠦ ᠲᠠᠯ᠎ᠠ ᠪᠠᠷ ᠰᠢᠯᠭᠠᠨ ᠪᠠᠢ᠌ᠴᠠᠭᠠᠬᠤ ᠶᠢ ᠬᠦᠳ᠋ᠡᠭᠡ ᠲᠤᠰᠬᠤᠨ ᠢ ᠬᠦᠭ᠍ᠵᠢᠬᠦᠯᠤᠨ ᠮᠠᠨᠳ᠋ᠤᠭᠤᠯᠬᠤ ᠲᠡᠶ ᠪᠦᠳ᠋ᠤᠮᠵᠢᠳ᠋ᠠᠢ ᠵᠤᠯᠭᠠᠭᠤᠯᠬᠤ ᠠᠵᠨ ᠲᠤᠬᠢᠶᠠᠯ ᠮᠦ᠋ᠨ᠃ ᠮᠦ᠋ᠨ ᠴᠤ ᠨᠠᠮ ᠤᠨ ᠭᠡᠰᠢᠬᠦᠨ ᠺᠠᠳ᠋ᠷ ᠤᠨ ᠠᠵᠢᠯ ᠤᠨ ᠴᠢᠳ᠋ᠠᠪᠤᠷᠢ ᠪᠠ ᠠᠵᠢᠯ ᠤᠨ ᠤᠪᠤᠷ ᠰᠤᠷᠳ᠋ᠠᠯ ᠤᠨ ᠴᠢᠬᠤᠯᠨ ᠶᠡᠭᠡ ᠰᠢᠯᠭᠠᠯᠳ᠋ᠠ ᠪᠤᠯᠤᠨ᠎ᠠ᠃ ᠪᠦᠬᠦ ᠪᠠᠯᠭᠠᠰᠤᠨ ᠤ ᠲᠠᠭᠡᠳ᠋ᠤ ᠲᠤᠤᠷᠠᠳ᠋ᠤ ᠱᠠᠳ᠋ᠤ ᠪᠠᠷ ᠶᠢᠡᠨ ᠲᠤᠰ ᠤᠳ᠋ᠠᠭᠠᠨ ᠤ ᠬᠢᠨᠠᠨ ᠰᠢᠯᠭᠠᠵᠤ ᠦᠨᠡᠯᠡᠨ ᠵᠢᠱᠢᠬᠦ ᠠᠵᠢᠯ ᠤᠨ ᠴᠢᠬᠤᠯᠨ ᠴᠢᠨᠠᠷ ᠪᠠ ᠲᠤᠯᠭᠠᠮ᠎ᠠ ᠴᠢᠨᠠᠷ ᠢ ᠬᠦᠢᠴᠡᠳ ᠲᠠᠨᠢᠵᠤ᠂ ᠲᠠᠭᠡᠳ᠋ᠤ ᠭᠡᠮᠵᠢᠶᠠᠨ ᠤ ᠤᠯᠤᠰ ᠲᠦ᠋ᠷᠤ ᠶᠢᠨ ᠬᠠᠷᠢᠭᠤᠴᠠᠯᠭᠠᠳ᠋ᠤ ᠰᠡᠳᠬᠢᠯᠭᠡ ᠪᠠ ᠪᠠᠳ᠋ᠤ ᠴᠢᠩᠭ᠎ᠠ ᠠᠵᠢᠯ ᠤᠨ ᠤᠪᠤᠷ ᠰᠤᠷᠳ᠋ᠠᠯ ᠶᠢᠡᠷ ᠰᠢᠯᠭᠠᠵᠤ ᠦᠨᠡᠯᠡᠬᠦ ᠠᠵᠢᠯ ᠢ ᠴᠢᠨᠠᠷ ᠰᠠᠢ᠌ᠳ᠋ᠠᠢ ᠪᠠᠶᠡᠯᠡᠬᠦᠯᠬᠦ ᠭᠡᠷᠡᠭ᠍ᠳ᠋ᠡᠢ ᠭᠡᠵᠤ ᠴᠢᠩᠭ᠋ᠠᠳᠬᠠᠵᠠᠢ᠃

          

          ᠶᠠᠳ᠋ᠠᠭᠤ ᠡᠴᠨ ᠠᠩᠬᠢᠵᠢᠷᠠᠭᠤᠯᠬᠤ ᠪᠠᠬᠢᠯᠡᠯᠳ᠋ᠠ ᠰᠢᠪᠳ᠋ᠤᠯᠤᠭᠰᠨᠨ ᠦᠷ᠎ᠠ ᠪᠦᠳ᠋ᠤᠭᠡᠯ ᠢ ᠪᠠᠬᠢᠵᠢᠬᠦᠯᠦᠭ᠍ᠰᠨᠨ ᠤ ᠲᠠᠷᠠᠭᠠᠬᠢ ᠦᠨᠡᠯᠡᠨ ᠵᠢᠱᠢᠬᠦ ᠪᠡᠯᠡᠳᠭᠡᠯ ᠠᠵᠢᠯ ᠢ ᠤᠯᠠᠮ ᠨᠢᠭᠡ ᠠᠯᠬᠤᠮ ᠰᠠᠢ᠌ᠳ᠋ᠤᠷ ᠬᠢᠬᠦ ᠲᠤᠬᠠᠢ ᠡᠤ ᠴᠢᠩ ᠬᠠᠢ ᠡᠴᠨ᠂ ᠲᠤᠰᠬᠠᠯ ᠤᠨ ᠠᠵᠢᠯᠯᠠᠭ᠎ᠠ ᠶᠢ 《ᠲᠦ᠋ᠷᠭᠡᠨ》 ᠪᠠᠢ᠌ᠯᠭᠠᠵᠤ᠂ ᠤᠳ᠋ᠤ ᠡᠴᠨ ᠡᠬᠢᠯᠡᠨ ᠡᠷᠤᠭᠡ ᠳ᠋ᠥ ᠤᠷᠤᠵᠤ ᠪᠠᠢ᠌ᠳ᠋ᠠᠯ ᠢ ᠤᠢ᠌ᠯᠠᠭᠠᠨ ᠠᠰᠠᠭᠤᠳ᠋ᠠᠯ ᠢ ᠰᠢ᠌ᠳᠪᠤᠷᠢᠯᠡᠵᠤ᠂ ᠡᠯ᠎ᠠ ᠰᠠᠯᠠᠭ᠎ᠠ ᠮᠦ᠋ᠴᠢᠷ ᠬᠤᠯᠪᠤᠭᠠᠯᠠᠨ ᠬᠦᠳ᠋ᠡᠯᠤᠯᠴᠡᠵᠤ ᠪᠠᠢ᠌ᠳ᠋ᠠᠯ ᠢ ᠤᠢ᠌ᠯᠠᠭᠠᠨ ᠲᠠᠷᠠᠭᠠᠯᠠᠨ ᠪᠠᠢ᠌ᠴᠠᠭᠠᠵᠤ᠂ 《ᠭᠤᠷᠪᠠ ᠶᠢ ᠪᠠᠳ᠋ᠤᠯᠠᠬᠤ》 ᠠᠵᠢᠯᠯᠠᠭ᠎ᠠ ᠶᠢᠨ ᠲᠤᠳ᠋ᠠᠭᠳ᠋ᠠᠯ ᠢ ᠪᠠᠢ᠌ᠴᠠᠭᠠᠨ ᠨᠦ᠋ᠬᠦᠪᠤᠷᠢᠯᠡᠬᠦ ᠠᠵᠢᠯ ᠢ ᠰᠠᠢ᠌ᠳ᠋ᠤᠷ ᠬᠢᠵᠤ᠂ ᠢᠯᠡᠷᠡᠬᠦᠯᠦᠭ᠍ᠰᠨᠨ ᠠᠰᠠᠭᠤᠳ᠋ᠠᠯ ᠢ ᠲᠠᠷᠤᠢ ᠳ᠋ᠤᠨᠢ ᠰᠢ᠌ᠳᠪᠤᠷᠢᠯᠡᠬᠦ ᠭᠡᠷᠡᠭ᠍ᠳ᠋ᠡᠢ᠃ ᠲᠦ᠋ᠷᠤ ᠶᠢᠨ ᠪᠤᠳ᠋ᠤᠯᠭ᠎ᠠ ᠶᠢᠨ ᠨᠠᠢ᠌ᠳ᠋ᠠᠪᠤᠷᠢᠵᠢᠭᠤᠯᠤᠯᠳ᠋ᠠ ᠶᠢ 《ᠤᠨᠤᠪᠴᠢᠳ᠋ᠠᠢ》 ᠪᠠᠢ᠌ᠯᠭᠠᠵᠤ᠂ ᠭᠤᠤᠯᠳ᠋ᠠᠯᠭ᠎ᠠ ᠶᠢ ᠲᠤᠪᠤᠢ᠌ᠯᠭᠠᠨ᠂ ᠲᠠᠬᠢᠨ ᠶᠠᠳ᠋ᠠᠭᠤᠷᠠᠬᠤ ᠢ ᠰᠡᠷᠭᠡᠢ᠌ᠯᠡᠬᠦ ᠪᠠᠢ᠌ᠳ᠋ᠠᠯ ᠢ ᠬᠢᠨᠠᠨ ᠭᠡᠮᠵᠢᠬᠦ ᠪᠠ ᠶᠠᠳ᠋ᠠᠭᠤ ᠶᠢ ᠲᠠᠳᠬᠦᠬᠦ ᠶᠢ 《ᠡᠷᠬᠢᠨ ᠬᠠᠷᠠᠬᠤ》 ᠠᠵᠢᠯ ᠢ ᠰᠠᠢ᠌ᠳ᠋ᠤᠷ ᠬᠢᠵᠤ᠂ ᠬᠢᠨᠠᠨ ᠭᠡᠮᠵᠢᠭ᠍ᠰᠨᠨ ᠡᠷᠤᠭᠡ᠂ ᠶᠠᠳ᠋ᠠᠭᠤ ᠡᠴᠨ ᠠᠩᠬᠢᠵᠢᠷᠠᠭᠰᠨᠨ ᠡᠷᠤᠭᠡ ᠪᠠᠷ ᠬᠠᠪᠰᠤᠷᠤᠨ ᠲᠠᠳᠬᠦᠬᠦ ᠠᠷᠭ᠎ᠠ ᠠᠪᠴᠠᠯ ᠢ ᠲᠠᠭᠡᠳ᠋ᠤ ᠭᠡᠮᠵᠢᠶ᠎ᠠ ᠪᠠᠷ ᠠᠩᠬᠠᠷᠴᠤ᠂ ᠶᠠᠳ᠋ᠠᠭᠤ ᠡᠴᠨ ᠠᠩᠬᠢᠵᠢᠷᠠᠭᠰᠨᠨ ᠬᠦᠮᠤᠨ ᠠᠮᠨ᠂ ᠬᠢᠨᠠᠨ ᠭᠡᠮᠵᠢᠭ᠍ᠳ᠋ᠡᠬᠦ ᠡᠳ᠋ᠡᠭᠡᠳ᠂ ᠬᠦᠨᠳ᠋ᠤ ᠡᠪᠡᠳᠴᠢᠳ᠋ᠠᠨ᠂ ᠠᠮᠢᠳ᠋ᠤᠷᠠᠯ ᠤᠨ ᠲᠤᠤᠷ᠎ᠠ ᠪᠠᠳ᠋ᠤᠯᠠᠭ᠎ᠠ ᠬᠦᠷᠳ᠋ᠡᠵᠤ ᠪᠠᠢ᠌ᠭ᠎ᠠ ᠲᠠᠪᠤᠨ ᠪᠠᠳ᠋ᠤᠯᠭᠠᠳ᠋ᠤ ᠡᠷᠤᠭᠡ᠂ ᠵᠡᠮᠳ᠋ᠡᠭ᠍ᠴᠤᠤᠨ ᠵᠡᠷᠭᠡ ᠤᠨᠴᠠᠭᠠᠢ ᠬᠦᠮᠤᠰ ᠤᠨ ᠤᠷᠤᠯᠭ᠎ᠠ ᠵᠠᠷᠤᠯᠭ᠎ᠠ ᠶᠢᠨ ᠬᠤᠪᠢᠷᠠᠯᠳ᠋ᠠ ᠶᠢ ᠭᠤᠤᠯᠳ᠋ᠠᠯᠭ᠎ᠠ ᠲᠡᠶ ᠠᠩᠬᠠᠷᠤᠨ᠂ ᠤᠷᠤᠯᠭ᠎ᠠ ᠲᠤᠭᠳ᠋ᠠᠭᠤᠨ ᠪᠤᠰᠤ ᠡᠷᠤᠭᠡ ᠳ᠋ᠥ ᠬᠠᠨᠳ᠋ᠤᠯᠭᠠᠳ᠋ᠤ ᠴᠢᠨᠠᠷ ᠲᠡᠶ ᠬᠠᠪᠰᠤᠷᠤᠨ ᠲᠠᠳᠬᠦᠬᠦ ᠠᠷᠭ᠎ᠠ ᠠᠪᠴᠠᠯ ᠠᠪᠴᠤ᠂ ᠤᠷᠤᠯᠭ᠎ᠠ ᠶᠢᠨ ᠲᠤᠭᠳ᠋ᠠᠭᠤᠨ ᠪᠦᠭᠡᠳ ᠦᠷᠬᠦᠯᠵᠢᠯᠡᠬᠦ ᠶᠢ ᠪᠠᠳ᠋ᠤᠯᠠᠬᠤ ᠭᠡᠷᠡᠭ᠍ᠳ᠋ᠡᠢ᠃ ᠠᠵᠢᠯᠯᠠᠬᠤ ᠤᠪᠤᠷ ᠶᠢᠡᠷ 《ᠪᠤᠳ᠋ᠠᠳ᠋ᠠᠢ᠌ᠵᠢᠭᠤᠯᠵᠤ》᠂ ᠬᠠᠷᠢᠭᠤᠴᠠᠯᠭ᠎ᠠ ᠶᠢ ᠱᠠᠳ᠋ᠤ ᠲᠠᠷᠠᠭᠠᠯᠠᠨ ᠨᠠᠢ᠌ᠳ᠋ᠠᠪᠤᠷᠢᠵᠢᠭᠤᠯᠤᠨ᠂ ᠪᠠᠯᠭᠠᠰᠤ ᠲᠤᠰᠬᠤᠨ ᠤ ᠺᠠᠳ᠋ᠷᠴᠤᠤᠨ ᠭᠡᠳ᠋ᠤ ᠴᠢᠩᠭ᠎ᠠ ᠠᠵᠢᠯ ᠤᠨ ᠬᠠᠷᠢᠭᠤᠴᠠᠯᠭᠠᠳ᠋ᠤ ᠰᠡᠳᠬᠢᠯᠭᠡ᠂ ᠯᠠᠪᠳ᠋ᠠᠭᠤᠨ ᠪᠠᠳ᠋ᠤᠳ᠋ᠠᠢ ᠠᠵᠢᠯᠯᠠᠬᠤ ᠠᠵᠢᠯ ᠤᠨ ᠵᠤᠷᠢᠭ ᠰᠠᠨᠠᠭ᠎ᠠ ᠪᠠᠷ ᠡᠷᠤᠭᠡ ᠲᠠᠷᠠᠭᠠᠯᠠᠨ ᠪᠠᠢ᠌ᠴᠠᠭᠠᠬᠤ ᠶᠢ ᠪᠦᠬᠦ ᠲᠠᠯ᠎ᠠ ᠳ᠋ᠥ ᠪᠦᠷᠬᠦᠬᠦᠯᠵᠤ᠂ ᠲᠤᠰᠬᠤᠨ ᠪᠤᠯᠭᠠᠨ ᠢ 《ᠰᠢᠭ᠍ᠰᠢᠨ ᠪᠠᠢ᠌ᠴᠠᠭᠠᠬᠤ》᠂ ᠡᠷᠤᠭᠡ ᠪᠤᠯᠭᠠᠨ ᠢ 《ᠰᠤᠷᠪᠤᠯᠵᠢᠯᠠᠬᠤ》 ᠶᠢ ᠪᠠᠶᠡᠯᠡᠬᠦᠯᠤᠨ᠂ ᠭᠡᠪᠴᠢᠶᠡᠳ᠋ᠤ ᠴᠢᠨᠠᠷ ᠲᠡᠶ ᠲᠠᠬᠢᠨ ᠶᠠᠳ᠋ᠠᠭᠤᠷᠠᠬᠤ ᠬᠤᠷᠢᠭ᠎ᠠ ᠱᠤᠭᠤᠮ ᠢ ᠪᠠᠳ᠋ᠤ ᠰᠠᠬᠢᠵᠤ᠂ ᠶᠠᠳ᠋ᠠᠭᠤ ᠡᠴᠨ ᠠᠩᠬᠢᠵᠢᠷᠠᠭᠤᠯᠬᠤ ᠪᠤᠭᠤᠮᠳ᠋ᠠ ᠰᠢᠪᠳ᠋ᠤᠯᠤᠭᠰᠨᠨ ᠢᠯᠡᠯᠳ᠋ᠠ ᠶᠢᠨ ᠦᠷ᠎ᠠ ᠪᠦᠳ᠋ᠤᠭᠡᠯ ᠢ ᠡᠷᠡᠰ ᠬᠠᠮᠠᠭᠠᠯᠠᠬᠤ ᠭᠡᠷᠡᠭ᠍ᠳ᠋ᠡᠢ ᠭᠡᠵᠤ ᠱᠠᠭᠠᠷᠳ᠋ᠠᠵᠠᠢ᠃ (ᠳ᠋ᠠᠢ ᠰᠢᠶᠦ᠋ᠩ)

ᠡᠮᠦᠨᠡᠬᠢ᠄ ᠡᠤ ᠴᠢᠩ ᠬᠠᠢ ᠤᠯᠠᠭᠠᠨᠬᠠᠳ᠋ᠠ ᠰᠤᠮᠤ ᠶᠢᠨ ᠭᠡᠷᠡᠭ᠌ ᠶᠢᠡᠷ ᠦᠭᠡᠷᠡᠴᠢᠯᠡᠯᠳ᠋ᠠ ᠶᠢ ᠠᠬᠢᠭᠤᠯᠵᠤ ᠤᠯᠤᠰ ᠲᠦ᠋ᠷᠤ ᠶᠢᠨ ᠠᠮᠢ ᠠᠬᠤᠢ ᠶᠢ ᠪᠦᠬᠦ ᠲᠠᠯ᠎ᠠ ᠪᠡᠷ ᠰᠡᠷᠬᠦᠭᠡᠨ ᠴᠡᠪᠡᠷᠰᠢᠬᠦᠯᠬᠦ ᠲᠤᠰᠬᠠᠢ ᠰᠡᠳ᠋ᠤᠪᠳ᠋ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠢ ᠬᠢᠨᠠᠨ ᠵᠢᠯᠤᠭᠤᠳᠪᠠ
ᠳᠠᠷᠠᠭᠠᠬᠢ᠄ ᠡᠤ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠤ ᠶᠠᠳ᠋ᠠᠭᠤ ᠡᠴᠨ ᠠᠩᠬᠢᠵᠢᠷᠠᠭᠤᠯᠬᠤ ᠪᠤᠭᠤᠮᠳ᠋ᠠ ᠰᠢᠪᠳ᠋ᠤᠯᠤᠭᠰᠨᠨ ᠦᠷ᠎ᠠ ᠪᠦᠳ᠋ᠤᠭᠡᠯ ᠢ ᠪᠠᠬᠢᠵᠢᠬᠦᠯᠤᠨ ᠦᠷᠭᠡᠳᠭᠡᠬᠦ ᠪᠠ ᠬᠦᠳ᠋ᠡᠭᠡ ᠲᠤᠰᠬᠤᠨ ᠢ ᠬᠦᠭ᠍ᠵᠢᠬᠦᠯᠤᠨ ᠮᠠᠨᠳ᠋ᠤᠭᠤᠯᠬᠤ ᠶᠢ ᠪᠦᠳ᠋ᠤᠮᠵᠢᠳ᠋ᠠᠢ ᠵᠤᠯᠭᠠᠭᠤᠯᠬᠤ ᠠᠵᠢᠯ ᠢ ᠬᠢᠨᠠᠨ ᠵᠢᠯᠤᠭᠤᠳᠪᠠ