ᠤᠳᠤ ᠶᠢᠨ ᠪᠠᠢ᠌ᠷᠢ᠄ ᠪᠠᠢ᠌ᠩᠭᠤ ᠶᠢᠨ ᠬᠤᠷᠢᠶᠠᠨ ᠤ ᠠᠵᠢᠯ → ᠬᠤᠰᠢᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ᠁
ᠬᠤᠰᠢᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠤᠷᠢ ᠶᠢᠰᠤᠳ᠋ᠤᠭᠡᠷ ᠬᠤᠷᠠᠯ ᠬᠤᠷᠠᠯᠳ᠋ᠤᠪᠠ

            12 ᠰᠠᠷ᠎ᠠ ᠶᠢᠨ21 ᠤ ᠡᠳ᠋ᠤᠷ ᠤᠨ ᠦᠳ᠋ᠠ ᠶᠢᠨ ᠡᠮᠤᠨ᠎ᠠ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠤ ᠴᠢᠩ ᠬᠠᠢ ᠬᠤᠰᠢᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠤᠷᠢ ᠶᠢᠰᠤᠳ᠋ᠤᠭᠡᠷ ᠬᠤᠷᠠᠯ ᠢ ᠡᠷᠬᠢᠯᠡᠨ ᠬᠤᠷᠠᠯᠳ᠋ᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠢ᠌ᠩᠭ᠋ᠤ ᠶᠢᠨ ᠭᠡᠰᠢᠬᠦᠨ᠂ ᠰᠠᠬᠢᠯᠭ᠎ᠠ ᠪᠠᠳ᠋ᠤ ᠪᠠᠢ᠌ᠴᠠᠭᠠᠬᠤ ᠬᠤᠷᠢᠶ᠎ᠠ ᠶᠢᠨ ᠱᠦ᠋ᠵᠢ᠂ ᠬᠢᠨᠠᠨ ᠪᠠᠢ᠌ᠴᠠᠭᠠᠬᠤ ᠵᠦ᠋ᠪᠯᠡᠯ ᠤᠨ ᠡᠷᠬᠢᠯᠡᠭ᠍ᠴᠢ ᠯᠢᠤ ᠰᠢ ᠯᠢᠨ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠪᠦᠷᠢᠯᠳ᠋ᠤᠬᠦᠨ ᠭᠡᠰᠢᠬᠦᠨ᠂ ᠲᠠᠳ᠋ ᠡᠷᠬᠢᠯᠡᠭ᠍ᠴᠢ ᠶᠢᠨ ᠵᠢᠱᠢᠭ᠍ᠳ᠋ᠡᠭ᠍ᠴᠢ ᠪᠤᠤ ᠯᠦ᠋ᠩ᠂ ᠼᠦ᠋ᠢ ᠯᠸᠢ ᠯᠸᠢ ᠪᠠ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠠᠳ᠋ ᠡᠷᠬᠢᠯᠡᠭ᠍ᠴᠢ ᠶᠢᠨ ᠵᠢᠱᠢᠭ᠍ᠳ᠋ᠡᠭ᠍ᠴᠢ ᠵᠠᠩ ᠶᠦ᠋ᠩ ᠴᠢᠶᠠᠩ᠂ ᠵᠠᠩ ᠴᠦ᠋ᠨ ᠡᠾᠦ᠋ᠢ ᠬᠤᠷᠠᠯ ᠳ᠋ᠥ ᠰᠤᠯᠨ ᠤᠷᠤᠯᠴᠠᠪᠠ᠃

           

           ᠬᠤᠷᠠᠯ ᠡᠴᠨ᠂ ᠬᠤᠰᠢᠭᠤᠨ ᠤ ᠬᠢᠨᠠᠨ ᠪᠠᠢ᠌ᠴᠠᠭᠠᠬᠤ ᠵᠦ᠋ᠪᠯᠡᠯ ᠤᠨ ᠭᠡᠷᠡᠭ᠌ ᠶᠢᠡᠷ ᠰᠡᠷᠡᠮᠵᠢᠯᠡᠭᠦᠯᠦᠨ ᠭᠡᠷᠡᠭ᠌ ᠶᠢᠡᠷ ᠦᠭᠡᠷᠡᠴᠢᠯᠡᠯᠳ᠋ᠠ ᠶᠢ ᠠᠬᠢᠭᠤᠯᠵᠤ ᠡᠷᠭᠡ ᠲᠤᠰᠢᠶᠠᠯ ᠶᠢᠡᠨ ᠠᠰᠢᠭᠯᠠᠨ ᠬᠠᠤᠯᠢ ᠡᠴᠨ ᠵᠦ᠋ᠷᠢᠴᠡᠬᠦ ᠶᠠᠯᠠᠳ᠋ᠤ ᠠᠵᠢᠯᠯᠠᠭ᠎ᠠ ᠶᠢ ᠤᠷᠢᠳᠴᠢᠯᠡᠠ ᠰᠡᠷᠭᠡᠢ᠌ᠯᠡᠬᠦ ᠦᠵᠡᠯ ᠰᠠᠨᠠᠭᠠᠨ ᠤ ᠰᠡᠷᠭᠡᠢ᠌ᠯᠡᠯᠳ᠋ᠠ ᠶᠢᠨ ᠱᠤᠭᠤᠮ ᠢ ᠪᠠᠳ᠋ᠤ ᠴᠤᠭᠴᠠᠯᠠᠭᠰᠨᠨ ᠠᠵᠢᠯ ᠤᠨ ᠪᠠᠢ᠌ᠳ᠋ᠠᠯ ᠤᠨ ᠮᠡᠳ᠋ᠡᠬᠦᠯᠤᠯᠳ᠋ᠠ ᠶᠢ  ᠰᠤᠨᠤᠰᠤᠨ ᠬᠢᠨᠠᠨ ᠵᠦ᠋ᠪᠯᠡᠪᠡ᠃ ᠵᠠᠷᠤᠤᠨ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠠᠩᠬᠠᠳ᠋ᠤᠭᠠᠷ ᠬᠤᠷᠠᠯ ᠬᠤᠷᠠᠯᠳ᠋ᠤᠬᠤ ᠴᠠᠭ ᠪᠠ ᠭᠠᠵᠠᠷ  ᠢ ᠬᠢᠨᠠᠨ ᠵᠦ᠋ᠪᠯᠡᠵᠤ ᠪᠠᠳ᠋ᠤᠯᠠᠪᠠ᠃ ᠵᠠᠷᠤᠤᠨ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠠᠩᠬᠠᠳ᠋ᠤᠭᠠᠷ ᠬᠤᠷᠠᠯ ᠤᠨ ᠵᠦ᠋ᠪᠯᠡᠬᠦ ᠵᠤᠢ᠌ᠯ (ᠲᠦ᠋ᠰᠤᠯ)᠂ ᠬᠤᠷᠠᠯ ᠤᠨ ᠡᠳ᠋ᠤᠷ ᠤᠨ ᠲᠠᠷᠠᠭᠠᠯᠠᠯ (ᠲᠦ᠋ᠰᠤᠯ) ᠢ ᠬᠢᠨᠠᠨ ᠵᠦ᠋ᠪᠯᠡᠵᠤ ᠪᠠᠳ᠋ᠤᠯᠠᠪᠠ᠃ ᠵᠠᠷᠤᠤᠨ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠠᠩᠬᠠᠳ᠋ᠤᠭᠠᠷ ᠬᠤᠷᠠᠯ ᠤᠨ ᠲᠦ᠋ᠯᠤᠭᠡᠯᠡᠭ᠍ᠴᠢᠳ ᠤᠨ ᠬᠢᠷᠢ ᠭᠡᠮ ᠤᠨ ᠬᠢᠨᠠᠨ ᠪᠠᠢ᠌ᠴᠠᠭᠠᠯᠳ᠋ᠠ ᠶᠢᠨ ᠮᠡᠳ᠋ᠡᠬᠦᠯᠤᠯᠳ᠋ᠠ ᠶᠢ ᠰᠤᠨᠤᠰᠤᠨ ᠬᠢᠨᠠᠨ ᠵᠦ᠋ᠪᠯᠡᠪᠡ᠃ ᠵᠠᠷᠤᠤᠨ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠠᠩᠬᠠᠳ᠋ᠤᠭᠠᠷ ᠬᠤᠷᠠᠯ ᠤᠨ ᠰᠤᠯᠨ ᠤᠷᠤᠯᠴᠠᠭᠰᠠᠳ ᠤᠨ ᠬᠢᠨᠠᠨ ᠬᠠᠷᠭᠤᠭᠤᠯᠤᠭᠰᠨᠨ ᠮᠡᠳ᠋ᠡᠬᠦᠯᠤᠯᠳ᠋ᠠ ᠶᠢ ᠰᠤᠨᠤᠰᠤᠨ ᠬᠢᠨᠠᠨ ᠵᠦ᠋ᠪᠯᠡᠪᠡ᠃ ᠵᠠᠷᠤᠤᠨ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠠᠩᠬᠠᠳ᠋ᠤᠭᠠᠷ ᠬᠤᠷᠠᠯ ᠤᠨ ᠲᠦ᠋ᠯᠤᠭᠡᠯᠡᠭ᠍ᠴᠢᠳ ᠤᠨ ᠪᠦᠯᠬᠦᠮ ᠪᠠᠢ᠌ᠭᠤᠯᠬᠤ ᠲᠦ᠋ᠰᠤᠯ ᠢ ᠬᠢᠨᠠᠨ ᠵᠦ᠋ᠪᠯᠡᠵᠤ ᠪᠠᠳ᠋ᠤᠯᠠᠪᠠ᠃  (ᠳ᠋ᠠᠢ ᠰᠢᠶ‍ᠦ᠋ᠩ)

ᠡᠮᠦᠨᠡᠬᠢ᠄ ᠵᠠᠷᠤᠤᠨ ᠬᠤᠰᠢᠭᠤ ᠰᠤᠮᠤ ᠪᠠᠯᠭᠠᠰᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠠᠵᠢᠯ ᠢ ᠲᠠᠬᠦᠰ ᠠᠮᠵᠢᠯᠳ᠋ᠠ ᠲᠡᠶ ᠪᠠᠶᠠᠯᠡᠬᠦᠯᠪᠠ
ᠳᠠᠷᠠᠭᠠᠬᠢ᠄ ᠵᠠᠷᠤᠳ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠢᠭᠡᠳ᠋ᠦᠭᠡᠷ ᠤᠳ᠋ᠠᠭᠠᠨ ᠤ ᠬᠤᠷᠠᠯᠳ᠋ᠤᠭᠠᠨ ᠬᠤᠷᠠᠯᠳ᠋ᠤᠪᠠ