ᠤᠳᠤ ᠶᠢᠨ ᠪᠠᠢ᠌ᠷᠢ᠄ ᠴᠢᠬᠤᠯᠠ ᠮᠡᠳᠡᠭᠡ → ᠡᠤ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠤ᠁
ᠡᠤ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠤ ᠶᠠᠳ᠋ᠠᠭᠤ ᠡᠴᠨ ᠠᠩᠬᠢᠵᠢᠷᠠᠭᠤᠯᠬᠤ ᠪᠤᠭᠤᠮᠳ᠋ᠠ ᠰᠢᠪᠳ᠋ᠤᠯᠤᠭᠰᠨᠨ ᠦᠷ᠎ᠠ ᠪᠦᠳ᠋ᠤᠭᠡᠯ ᠢ ᠪᠠᠬᠢᠵᠢᠬᠦᠯᠤᠨ ᠦᠷᠭᠡᠳᠭᠡᠬᠦ ᠪᠠ ᠬᠦᠳ᠋ᠡᠭᠡ ᠲᠤᠰᠬᠤᠨ ᠢ ᠬᠦᠭ᠍ᠵᠢᠬᠦᠯᠤᠨ ᠮᠠᠨᠳ᠋ᠤᠭᠤᠯᠬᠤ ᠶᠢ ᠪᠦᠳ᠋ᠤᠮᠵᠢᠳ᠋ᠠᠢ ᠵᠤᠯᠭᠠᠭᠤᠯᠬᠤ ᠠᠵᠢᠯ ᠢ ᠬᠢᠨᠠᠨ ᠵᠢᠯᠤᠭᠤᠳᠪᠠ

          12 ᠰᠠᠷ᠎ᠠ ᠶᠢᠨ21 ᠤ ᠡᠳ᠋ᠤᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠤ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠤ ᠶᠠᠳ᠋ᠠᠭᠤ ᠡᠴᠨ ᠠᠩᠬᠢᠵᠢᠷᠠᠭᠤᠯᠬᠤ ᠪᠤᠭᠤᠮᠳ᠋ᠠ ᠰᠢᠪᠳ᠋ᠤᠯᠤᠭᠰᠨᠨ ᠦᠷ᠎ᠠ ᠪᠦᠳ᠋ᠤᠭᠡᠯ ᠢ ᠪᠠᠬᠢᠵᠢᠬᠦᠯᠤᠨ ᠦᠷᠭᠡᠳᠭᠡᠬᠦ ᠪᠠ ᠬᠦᠳ᠋ᠡᠭᠡ ᠲᠤᠰᠬᠤᠨ ᠢ ᠬᠦᠭ᠍ᠵᠢᠬᠦᠯᠤᠨ ᠮᠠᠨᠳ᠋ᠤᠭᠤᠯᠬᠤ ᠶᠢ ᠪᠦᠳ᠋ᠤᠮᠵᠢᠳ᠋ᠠᠢ ᠵᠤᠯᠭᠠᠭᠤᠯᠬᠤ ᠠᠵᠢᠯ ᠢ ᠬᠢᠨᠠᠨ ᠵᠢᠯᠤᠭᠤᠳᠪᠠ᠃

         

          ᠡᠤ ᠴᠢᠩ ᠬᠠᠢ ᠪᠠᠯᠭᠠᠰᠤ ᠭᠠᠴᠠᠭ᠎ᠠ ᠬᠤᠶᠠᠷ ᠱᠠᠳ᠋ᠤᠨ ᠤ ᠺᠠᠳ᠋ᠷ ᠪᠠ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠭᠠᠴᠠᠭ᠎ᠠ ᠳ᠋ᠥ ᠰᠠᠭᠤᠭ᠎ᠠ ᠠᠵᠢᠯᠯᠠᠬᠤ ᠠᠩᠬᠢ ᠶᠢᠨ ᠬᠢᠨ ᠵᠢᠴᠢ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠭᠡᠰᠡᠭ᠌ ᠠᠵᠢᠯ ᠤᠨ ᠵᠦ᠋ᠪᠯᠡᠯ ᠤᠨ ᠬᠠᠷᠢᠭᠤᠴᠠᠯᠭᠠᠳ᠋ᠠᠨ ᠢ ᠲᠠᠭᠠᠭᠤᠯᠤᠨ ᠬᠤᠪᠤᠯᠳ᠋ᠤ ᠭᠠᠴᠠᠭᠠᠨ ᠤ ᠶᠠᠳ᠋ᠠᠭᠤ ᠡᠴᠨ ᠠᠩᠬᠢᠵᠢᠷᠠᠭᠰᠨᠨ ᠡᠷᠤᠭᠡ ᠪᠠ ᠬᠢᠨᠠᠨ ᠭᠡᠮᠵᠢᠭ᠍ᠳ᠋ᠡᠬᠦ ᠡᠷᠤᠭᠡ ᠳ᠋ᠥ ᠬᠦᠨᠵᠡᠭᠡᠢ᠌ᠷᠡᠨ᠂ 《ᠬᠤᠶᠠᠷ ᠲᠣ ᠵᠤᠪᠠᠬᠤ ᠦᠭᠡᠶ᠂ ᠭᠤᠷᠪᠠ ᠶᠢ ᠪᠠᠳ᠋ᠤᠯᠬᠠᠤ》 ᠶᠢᠨ ᠲᠤᠭᠤᠷᠢᠨ ᠳ᠋ᠥ᠂ ᠲᠠᠷᠠᠭᠠᠯᠠᠨ ᠬᠢᠨᠠᠨ ᠬᠠᠷᠭᠤᠭᠤᠯᠵᠤ᠂ ᠡᠮᠨᠡᠯᠭᠡ ᠶᠢᠨ ᠲᠠᠭᠠᠳᠬᠠᠯ᠂ ᠤᠤᠭᠤᠬᠤ ᠤᠰᠤ᠂ ᠨᠡᠢ᠌ᠳ᠋ᠠ ᠶᠢᠨ ᠵᠤᠷᠯᠤᠩ᠂ ᠭᠡᠷ ᠪᠠᠢ᠌ᠰᠢᠩ ᠵᠢᠴᠢ ᠤᠷᠤᠯᠭ᠎ᠠ ᠶᠢᠨ ᠢᠷᠡᠯᠳ᠋ᠠ᠂ ᠲᠦ᠋ᠷᠤ ᠶᠢᠨ ᠪᠤᠳ᠋ᠤᠯᠭ᠎ᠠ ᠶᠢᠨ ᠨᠠᠢ᠌ᠳ᠋ᠠᠪᠤᠷᠢᠵᠢᠭᠤᠯᠤᠯᠳ᠋ᠠ᠂ ᠤᠢ᠌ᠯᠡᠳᠪᠤᠷᠢᠯᠡᠯ ᠠᠮᠢᠳ᠋ᠤᠷᠠᠯ ᠵᠡᠷᠭᠡ ᠪᠠᠢ᠌ᠳ᠋ᠠᠯ ᠢ ᠨᠠᠷᠢᠯᠢᠭ ᠤᠢ᠌ᠯᠠᠭᠠᠵᠤ᠂ ᠬᠠᠮᠢᠶ᠎ᠠ ᠪᠦᠬᠦᠢ ᠬᠠᠷᠢᠭᠤᠴᠠᠯᠭᠠᠳ᠋ᠠᠨ ᠤ ᠶᠠᠳ᠋ᠠᠭᠤ ᠡᠴᠨ ᠠᠩᠬᠢᠵᠢᠷᠠᠭᠤᠯᠬᠤ ᠪᠤᠭᠤᠮᠳ᠋ᠠ ᠰᠢᠪᠳ᠋ᠤᠯᠤᠭᠰᠨᠨ ᠦᠷ᠎ᠠ ᠪᠦᠳ᠋ᠤᠭᠡᠯ ᠢ ᠪᠠᠬᠢᠵᠢᠬᠦᠯᠬᠦ ᠪᠠ ᠬᠦᠳ᠋ᠡᠭᠡ ᠲᠤᠰᠬᠤᠨ ᠢ ᠬᠦᠭ᠍ᠵᠢᠬᠦᠯᠤᠨ ᠮᠠᠨᠳ᠋ᠤᠭᠤᠯᠬᠤ ᠲᠡᠶ ᠪᠦᠳ᠋ᠤᠮᠵᠢᠳ᠋ᠠᠢ ᠵᠤᠯᠭᠠᠭᠤᠯᠬᠤ ᠠᠵᠢᠯ ᠢ ᠠᠬᠢᠭᠤᠯᠤᠭᠰᠨᠨ ᠪᠠᠢ᠌ᠳ᠋ᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠤᠨᠤᠰᠬᠤ ᠶᠢᠨ ᠬᠠᠮᠳ᠋ᠤ᠂ ᠠᠵᠢᠯ ᠲᠤᠮᠳ᠋ᠠ ᠲᠤᠯᠭᠠᠷᠠᠭᠰᠨᠨ ᠬᠦᠴᠢᠷᠳ᠋ᠠᠯ ᠪᠠ ᠤᠷᠤᠰᠢᠵᠤ ᠪᠠᠢ᠌ᠭ᠎ᠠ ᠠᠰᠠᠭᠤᠳ᠋ᠠᠯ ᠤᠨ ᠲᠤᠬᠠᠢ ᠪᠠᠯᠭᠠᠰᠤ ᠭᠠᠴᠠᠭ᠎ᠠ ᠬᠤᠶᠠᠷ ᠱᠠᠳ᠋ᠤᠨ ᠤ ᠺᠠᠳ᠋ᠷ ᠲᠡᠶ ᠶᠠᠷᠢᠯᠴᠠᠨ ᠰᠠᠨᠠᠯ ᠰᠤᠯᠢᠯᠴᠠᠵᠤ᠂ ᠤᠳ᠋ᠤᠬᠠᠨ ᠤ ᠠᠵᠢᠯ ᠢ ᠰᠠᠢ᠌ᠳ᠋ᠤᠷ ᠬᠢᠬᠦ ᠳ᠋ᠥ ᠵᠢᠯᠤᠭᠤᠳᠬᠤ ᠴᠢᠨᠠᠷ ᠲᠡᠶ ᠰᠠᠨᠠᠭᠤᠯᠭ᠎ᠠ ᠲᠤᠷᠠᠳᠴᠠᠢ᠃

         

          ᠡᠤ ᠴᠢᠩ ᠬᠠᠢ ᠡᠴᠨ᠂ ᠪᠠᠯᠭᠠᠰᠤ ᠭᠠᠴᠠᠭ᠎ᠠ ᠬᠤᠶᠠᠷ ᠱᠠᠳ᠋ᠤ ᠪᠠᠷ ᠶᠢᠡᠨ ᠤᠯᠤᠰ ᠲᠦ᠋ᠷᠤ ᠶᠢᠨ ᠵᠤᠭᠰᠤᠴᠨ ᠪᠠᠨ ᠦᠨᠡᠨᠬᠦ ᠲᠠᠭᠡᠭ᠍ᠰᠢᠯᠡᠬᠦᠯᠬᠦ ᠶᠢ ᠨᠢᠭᠡᠨ ᠵᠤᠢ᠌ᠯ ᠤᠨ ᠬᠦᠨᠳ᠋ᠤ ᠴᠢᠬᠤᠯᠨ ᠤᠯᠤᠰ ᠲᠦ᠋ᠷᠤ ᠶᠢᠨ ᠡᠬᠦᠷᠭᠡ ᠪᠤᠯᠭᠠᠨ᠂ ᠬᠠᠷᠢᠭᠤᠴᠠᠯᠭ᠎ᠠ ᠡᠬᠦᠷᠭᠡᠯᠡᠬᠦ ᠤᠬᠠᠮᠰᠠᠷ ᠶᠢᠡᠨ ᠴᠢᠩᠭ᠋ᠠᠷᠠᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠪᠤᠳ᠋ᠠᠳ᠋ᠠᠢ᠌ᠵᠢᠭᠤᠯᠤᠨ᠂ ᠭᠤᠷᠢᠳ᠋ᠠᠬᠤ ᠪᠤᠳ᠋ᠤᠯ ᠪᠠ ᠰᠤᠯᠠᠷᠠᠬᠤ ᠪᠤᠳ᠋ᠤᠯ ᠶᠢᠡᠨ ᠡᠷᠡᠰ ᠲᠠᠶᠠᠭᠳ᠋ᠠᠵᠤ᠂ ᠤᠷᠢᠳᠴᠢᠯᠠᠵᠤ ᠲᠤᠬᠢᠷᠠᠭᠤᠯᠤᠨ᠂ ᠨᠠᠷᠢᠨ ᠲᠦ᠋ᠰᠤᠯ ᠲᠤᠭᠳ᠋ᠠᠭᠠᠵᠤ᠂ ᠮᠠᠯᠴᠢᠳ ᠤᠨ ᠬᠤᠭᠤᠷᠤᠨᠳ᠋ᠤᠬᠢ ᠨᠡᠪᠳ᠋ᠡᠷᠡᠯᠴᠡᠭᠡ ᠰᠤᠯᠢᠯᠴᠠᠭ᠎ᠠ ᠪᠠᠨ ᠴᠢᠩᠭ᠋ᠠᠳᠬᠠᠨ᠂ ᠠᠵᠢᠯ ᠤᠨ ᠰᠠᠨᠠᠭᠠᠴᠢᠯᠠᠭᠠᠳ᠋ᠤ ᠡᠷᠭᠡ ᠶᠢ ᠪᠠᠳ᠋ᠤ ᠡᠵᠡᠮᠳ᠋ᠡᠵᠤ᠂ ᠭᠠᠴᠠᠭ᠎ᠠ ᠲᠤᠰᠬᠤᠨ ᠤ ᠪᠠᠢ᠌ᠳ᠋ᠠᠯ ᠢ ᠪᠦᠬᠦ ᠲᠠᠯ᠎ᠠ ᠪᠠᠷ ᠡᠵᠡᠮᠰᠢᠨ᠂ ᠲᠤᠭ᠎ᠠ ᠪᠠᠷᠢᠮᠳ᠋ᠠ ᠤᠨᠤᠪᠴᠢᠳ᠋ᠠᠢ᠂ ᠪᠠᠢ᠌ᠳ᠋ᠠᠯ ᠲᠤᠳ᠋ᠤᠷᠬᠠᠢ ᠪᠠᠢ᠌ᠬᠤ ᠶᠢ ᠪᠠᠶᠡᠯᠡᠬᠦᠯᠵᠤ᠂ ᠲᠠᠭᠡᠳ᠋ᠤ ᠱᠠᠳ᠋ᠤᠨ ᠤ ᠲᠦ᠋ᠷᠤ ᠶᠢᠨ ᠪᠤᠳ᠋ᠤᠯᠭ᠎ᠠ ᠪᠠ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠤᠷᠳ᠋ᠤᠨ ᠤ ᠡᠯ᠎ᠠ ᠲᠦ᠋ᠷᠤᠯ ᠤᠨ ᠪᠠᠢ᠌ᠷᠢᠯᠠᠭᠤᠯᠤᠯᠳ᠋ᠠ ᠱᠠᠭᠠᠷᠳ᠋ᠠᠯᠭ᠎ᠠ ᠶᠢ ᠪᠤᠳ᠋ᠠᠳ᠋ᠠᠢ ᠳ᠋ᠥ ᠨᠠᠢ᠌ᠳ᠋ᠠᠪᠤᠷᠢᠵᠢᠭᠤᠯᠬᠤ ᠶᠢ ᠪᠠᠳ᠋ᠤᠯᠠᠬᠤ ᠭᠡᠷᠡᠭ᠍ᠳ᠋ᠡᠢ ᠭᠡᠵᠤ ᠱᠠᠭᠠᠷᠳ᠋ᠠᠵᠠᠢ᠃ (ᠳ᠋ᠠᠢ ᠰᠢᠶ‍ᠦ᠋ᠩ)

ᠡᠮᠦᠨᠡᠬᠢ᠄ ᠡᠤ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠤ ᠶᠠᠳ᠋ᠠᠭᠤ ᠡᠴᠨ ᠠᠩᠬᠢᠵᠢᠷᠠᠭᠤᠯᠬᠤ ᠪᠠᠬᠢᠯᠡᠯᠳ᠋ᠠ ᠰᠢᠪᠳ᠋ᠤᠯᠤᠭᠰᠨᠨ ᠦᠷ᠎ᠠ ᠪᠦᠳ᠋ᠤᠭᠡᠯ ᠢ ᠪᠠᠬᠢᠵᠢᠬᠦᠯᠦᠭ᠍ᠰᠨᠨ ᠤ ᠲᠠᠷᠠᠭᠠᠬᠢ ᠦᠨᠡᠯᠡᠨ ᠵᠢᠱᠢᠬᠦ ᠠᠵᠢᠯ ᠢ ᠬᠢᠨᠠᠨ ᠵᠢᠯᠤᠭᠤᠳᠪᠠ
ᠳᠠᠷᠠᠭᠠᠬᠢ᠄ ᠡᠤ ᠴᠢᠩ ᠬᠠᠢ ᠦᠨᠳ᠋ᠤᠰᠤᠨ ᠱᠠᠳ᠋ᠤᠨ ᠤ ᠶᠠᠳ᠋ᠠᠭᠤ ᠡᠴᠨ ᠠᠩᠬᠢᠵᠢᠷᠠᠭᠤᠯᠬᠤ ᠪᠤᠭᠤᠮᠳ᠋ᠠ ᠰᠢᠪᠳ᠋ᠤᠯᠤᠭᠰᠨᠨ ᠦᠷ᠎ᠠ ᠪᠦᠳ᠋ᠤᠭᠡᠯ ᠢ ᠪᠠᠬᠢᠵᠢᠬᠦᠯᠤᠨ ᠦᠷᠭᠡᠳᠭᠡᠬᠦ ᠪᠠ ᠬᠦᠳ᠋ᠡᠭᠡ ᠲᠤᠰᠬᠤᠨ ᠢ ᠬᠦᠭ᠍ᠵᠢᠬᠦᠯᠤᠨ ᠮᠠᠨᠳ᠋ᠤᠭᠤᠯᠬᠤ ᠶᠢ ᠪᠦᠳ᠋ᠤᠮᠵᠢᠳ᠋ᠠᠢ ᠵᠤᠯᠭᠠᠭᠤᠯᠬᠤ ᠠᠵᠢᠯ ᠢ ᠵᠢᠭᠠᠨ ᠵᠢᠯᠤᠭᠤᠳᠪᠠ