ᠤᠳᠤ ᠶᠢᠨ ᠪᠠᠢ᠌ᠷᠢ᠄ ᠴᠢᠬᠤᠯᠠ ᠮᠡᠳᠡᠭᠡ → ᠡᠤ ᠴᠢᠩ ᠬᠠᠢ ᠦᠨᠳ᠋ᠤᠰᠤᠨ ᠱᠠᠳ᠋ᠤᠨ ᠤ ᠶᠠᠳ᠋ᠠᠭᠤ᠁
ᠡᠤ ᠴᠢᠩ ᠬᠠᠢ ᠦᠨᠳ᠋ᠤᠰᠤᠨ ᠱᠠᠳ᠋ᠤᠨ ᠤ ᠶᠠᠳ᠋ᠠᠭᠤ ᠡᠴᠨ ᠠᠩᠬᠢᠵᠢᠷᠠᠭᠤᠯᠬᠤ ᠪᠤᠭᠤᠮᠳ᠋ᠠ ᠰᠢᠪᠳ᠋ᠤᠯᠤᠭᠰᠨᠨ ᠦᠷ᠎ᠠ ᠪᠦᠳ᠋ᠤᠭᠡᠯ ᠢ ᠪᠠᠬᠢᠵᠢᠬᠦᠯᠤᠨ ᠦᠷᠭᠡᠳᠭᠡᠬᠦ ᠪᠠ ᠬᠦᠳ᠋ᠡᠭᠡ ᠲᠤᠰᠬᠤᠨ ᠢ ᠬᠦᠭ᠍ᠵᠢᠬᠦᠯᠤᠨ ᠮᠠᠨᠳ᠋ᠤᠭᠤᠯᠬᠤ ᠶᠢ ᠪᠦᠳ᠋ᠤᠮᠵᠢᠳ᠋ᠠᠢ ᠵᠤᠯᠭᠠᠭᠤᠯᠬᠤ ᠠᠵᠢᠯ ᠢ ᠵᠢᠭᠠᠨ ᠵᠢᠯᠤᠭᠤᠳᠪᠠ

          

          12 ᠰᠠᠷ᠎ᠠ ᠶᠢᠨ 22 ᠤ ᠡᠳ᠋ᠤᠷ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠤ ᠴᠢᠩ ᠬᠠᠢ ᠭᠡᠷᠴᠢᠯᠠᠭᠤ ᠰᠤᠮᠤ᠂ ᠪᠠᠶᠠᠷᠳ᠋ᠤᠬᠤᠰᠢᠭᠤ ᠪᠠᠯᠭᠠᠰᠤᠨ ᠤ ᠶᠠᠳ᠋ᠠᠭᠤ ᠡᠴᠨ ᠠᠩᠬᠢᠵᠢᠷᠠᠭᠤᠯᠬᠤ ᠪᠤᠭᠤᠮᠳ᠋ᠠ ᠰᠢᠪᠳ᠋ᠤᠯᠤᠭᠰᠨᠨ ᠦᠷ᠎ᠠ ᠪᠦᠳ᠋ᠤᠭᠡᠯ ᠢ ᠪᠠᠬᠢᠵᠢᠬᠦᠯᠤᠨ ᠦᠷᠭᠡᠳᠭᠡᠬᠦ ᠪᠠ ᠬᠦᠳ᠋ᠡᠭᠡ ᠲᠤᠰᠬᠤᠨ ᠢ ᠬᠦᠭ᠍ᠵᠢᠬᠦᠯᠤᠨ ᠮᠠᠨᠳ᠋ᠤᠭᠤᠯᠬᠤ ᠶᠢ ᠪᠦᠳ᠋ᠤᠮᠵᠢᠳ᠋ᠠᠢ ᠵᠤᠯᠭᠠᠭᠤᠯᠬᠤ ᠠᠵᠢᠯ ᠢ ᠵᠢᠭᠠᠨ ᠵᠢᠯᠤᠭᠤᠳᠴᠤ᠂ ᠬᠤᠰᠢᠭᠤᠨ ᠤ ᠬᠠᠮᠢᠶ᠎ᠠ ᠪᠦᠬᠦᠢ ᠪᠠᠢ᠌ᠭᠤᠯᠭ᠎ᠠ ᠶᠢᠨ ᠬᠠᠷᠢᠭᠤᠴᠠᠯᠭᠠᠳ᠋ᠠᠨ ᠪᠠᠷ᠎ᠠ ᠪᠤᠯᠪᠠ᠃
               ᠡᠤ ᠴᠢᠩ ᠬᠠᠢ ᠨᠡᠷ ᠤᠷᠢᠳ ᠬᠤᠵᠢᠳ ᠭᠡᠷᠴᠢᠯᠠᠭᠤ ᠰᠤᠮᠤ ᠶᠢᠨ ᠬᠦᠬᠦᠷᠭᠡ ᠭᠠᠴᠠᠭ᠎ᠠ ᠪᠠ ᠪᠠᠶᠠᠷᠳ᠋ᠤᠬᠤᠰᠢᠭᠤ ᠪᠠᠯᠭᠠᠰᠤᠨ ᠳ᠋ᠥ ᠬᠦᠷᠴᠤ᠂ ᠡᠷᠤᠭᠡ ᠳ᠋ᠥ ᠤᠷᠤᠬᠤ᠂ ᠰᠠᠭᠤᠳ᠋ᠠᠯ ᠤᠨ ᠬᠤᠷᠠᠯ ᠬᠤᠷᠠᠯᠳ᠋ᠤᠭᠤᠯᠬᠤ᠂ ᠮᠡᠳ᠋ᠡᠬᠦᠯᠤᠯᠳ᠋ᠠ ᠰᠤᠨᠤᠰᠬᠤ ᠪᠠᠷ ᠲᠠᠮᠵᠢᠨ᠂ ᠶᠠᠳ᠋ᠠᠭᠤ ᠡᠴᠨ ᠠᠩᠬᠢᠵᠢᠷᠠᠭᠰᠨᠨ ᠡᠷᠤᠭᠡ ᠪᠠ ᠭᠡᠷ ᠪᠦᠯᠢ ᠶᠢᠨ ᠤᠷᠤᠯᠭ᠎ᠠ᠂ ᠤᠢ᠌ᠯᠡᠳᠪᠤᠷᠢᠯᠠᠯ ᠠᠮᠢᠳ᠋ᠤᠷᠠᠯ᠂ ᠤᠷᠤᠨ ᠰᠠᠭᠤᠴᠨ ᠶᠢᠨ ᠠᠮᠤᠷ ᠲᠦ᠋ᠪᠰᠢᠨ᠂ ᠡᠮ ᠡᠮᠨᠡᠯᠭᠡ ᠶᠢᠨ ᠪᠠᠳ᠋ᠤᠯᠠᠭ᠎ᠠ᠂ ᠠᠯᠪᠠᠨ ᠵᠢᠷᠤᠮ ᠤᠨ ᠰᠤᠷᠭᠠᠨ ᠬᠦᠮᠤᠵᠢᠯ ᠵᠢᠴᠢ ᠬᠠᠪᠰᠤᠷᠤᠨ ᠲᠠᠳᠬᠦᠬᠦ ᠲᠦ᠋ᠷᠤ ᠶᠢᠨ ᠪᠤᠳ᠋ᠤᠯᠭ᠎ᠠ ᠶᠢ ᠨᠠᠢ᠌ᠳ᠋ᠠᠪᠤᠷᠢᠵᠢᠭᠤᠯᠤᠭᠰᠨᠨ ᠵᠡᠷᠭᠡ ᠪᠠᠢ᠌ᠳ᠋ᠠᠯ ᠢ ᠨᠠᠷᠢᠨ ᠤᠢ᠌ᠯᠠᠭᠠᠵᠤ᠂ ᠠᠵᠢᠯ ᠲᠤᠮᠳ᠋ᠠ ᠲᠤᠯᠭᠠᠷᠠᠭᠰᠨᠨ ᠬᠦᠴᠢᠷᠳ᠋ᠠᠯ ᠪᠠ ᠤᠷᠤᠰᠢᠵᠤ ᠪᠠᠢ᠌ᠭ᠎ᠠ ᠠᠰᠠᠭᠤᠳ᠋ᠠᠯ ᠤᠨ ᠲᠤᠬᠠᠢ ᠰᠠᠨᠠᠯ ᠰᠤᠯᠢᠯᠴᠠᠵᠤ᠂ ᠤᠳ᠋ᠤᠬᠠᠨ ᠤ ᠠᠵᠢᠯ ᠶᠢᠡᠨ ᠰᠠᠢ᠌ᠳ᠋ᠤᠷ ᠬᠢᠬᠦ ᠳ᠋ᠥ ᠵᠢᠯᠤᠭᠤᠳᠬᠤ ᠴᠢᠨᠠᠷ ᠲᠡᠶ ᠰᠠᠨᠠᠯ ᠲᠤᠷᠠᠳᠴᠠᠢ᠃ 
               ᠡᠤ ᠴᠢᠩ ᠬᠠᠢ ᠡᠴᠨ᠂ ᠶᠠᠳ᠋ᠠᠭᠤ ᠡᠴᠨ ᠠᠩᠬᠢᠵᠢᠷᠠᠭᠤᠯᠬᠤ ᠪᠤᠭᠤᠮᠳ᠋ᠠ ᠰᠢᠪᠳ᠋ᠤᠯᠤᠭᠰᠨᠨ ᠦᠷ᠎ᠠ ᠪᠦᠳ᠋ᠤᠭᠡᠯ ᠢ ᠪᠠᠬᠢᠵᠢᠬᠦᠯᠤᠨ ᠦᠷᠭᠡᠳᠭᠡᠬᠦ ᠪᠠ ᠬᠦᠳ᠋ᠡᠭᠡ ᠲᠤᠰᠬᠤᠨ ᠢ ᠬᠦᠭ᠍ᠵᠢᠬᠦᠯᠤᠨ ᠮᠠᠨᠳ᠋ᠤᠭᠤᠯᠬᠤ ᠶᠢ ᠪᠦᠳ᠋ᠤᠮᠵᠢᠳ᠋ᠠᠢ ᠵᠤᠯᠭᠠᠭᠤᠯᠬᠤ ᠠᠵᠢᠯ ᠪᠤᠯ ᠨᠠᠮ ᠤᠨ ᠲᠦ᠋ᠪ ᠬᠤᠷᠢᠶᠠᠨ ᠤ ᠭᠠᠷᠭᠠᠭᠰᠨᠨ ᠴᠢᠬᠤᠯᠨ ᠶᠡᠭᠡ ᠰᠢ᠌ᠳᠪᠤᠷᠢᠳ᠋ᠤ ᠪᠤᠳ᠋ᠤᠯᠭ᠎ᠠ ᠪᠠᠢ᠌ᠷᠢᠯᠠᠭᠤᠯᠤᠯᠳ᠋ᠠ ᠮᠦ᠋ᠨ᠂ ᠡᠷᠭᠡᠪᠰᠢ ᠰᠠᠢ᠌ᠳ᠋ᠤᠷ ᠠᠳᠬᠤᠬᠤ ᠴᠢᠬᠤᠯᠨ ᠶᠡᠭᠡ ᠤᠯᠤᠰ ᠲᠦ᠋ᠷᠤ ᠶᠢᠨ ᠡᠬᠦᠷᠭᠡ ᠮᠦ᠋ᠨ᠃ ᠶᠠᠳ᠋ᠠᠭᠤ ᠡᠴᠨ ᠠᠩᠬᠢᠵᠢᠷᠠᠭᠤᠯᠬᠤ ᠪᠤᠭᠤᠮᠳ᠋ᠠ ᠰᠢᠪᠳ᠋ᠤᠯᠤᠭᠰᠨᠨ ᠦᠷ᠎ᠠ ᠪᠦᠳ᠋ᠤᠭᠡᠯ ᠢ ᠪᠠᠬᠢᠵᠢᠬᠦᠯᠤᠨ ᠦᠷᠭᠡᠳᠭᠡᠬᠦ ᠬᠢᠭᠡᠳ ᠬᠦᠳ᠋ᠡᠭᠡ ᠲᠤᠰᠬᠤᠨ ᠢ ᠬᠦᠭ᠍ᠵᠢᠬᠦᠯᠤᠨ ᠮᠠᠨᠳ᠋ᠤᠭᠤᠯᠬᠤ ᠶᠢ ᠪᠦᠳ᠋ᠤᠮᠵᠢᠳ᠋ᠠᠢ ᠵᠤᠯᠭᠠᠭᠤᠯᠬᠤ ᠬᠠᠷᠠᠯᠳ᠋ᠠ ᠡᠬᠦᠷᠭᠡ ᠪᠤᠯᠤᠨ ᠲᠦ᠋ᠷᠤ ᠶᠢᠨ ᠪᠤᠳ᠋ᠤᠯᠭ᠎ᠠ ᠶᠢᠨ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠪᠦᠬᠦ ᠲᠠᠯ᠎ᠠ ᠪᠠᠷ ᠰᠢᠰᠲ᠋ᠸᠮ ᠲᠡᠶ ᠡᠮᠬᠢᠯᠡᠵᠤ᠂ ᠵᠤᠷᠪᠤᠰ ᠲᠠᠷᠠᠭᠠᠯᠠᠨ ᠨᠠᠷᠢᠨ ᠬᠢᠨᠠᠮᠠᠭᠠᠢ ᠵᠠᠳ᠋ᠠᠯᠤᠨ᠂ ᠠᠰᠠᠭᠤᠳ᠋ᠠᠯ ᠢ ᠲᠤᠢ᠌ᠯᠪᠤᠷᠢᠳ᠋ᠠᠢ ᠴᠡᠭ᠍ᠴᠡᠯᠡᠨ ᠰᠠᠢ᠌ᠵᠢᠷᠠᠭᠤᠯᠬᠤ ᠶᠢ ᠪᠠᠳ᠋ᠤᠯᠠᠬᠤ ᠭᠡᠷᠡᠭ᠍ᠳ᠋ᠡᠢ᠃ ᠡᠯ᠎ᠠ ᠬᠠᠮᠢᠶ᠎ᠠ ᠪᠦᠬᠦᠢ ᠰᠠᠯᠠᠭ᠎ᠠ ᠮᠦ᠋ᠴᠢᠷ ᠪᠠ ᠬᠠᠪᠰᠤᠷᠤᠨ ᠲᠠᠳᠬᠦᠬᠦ ᠬᠠᠷᠢᠭᠤᠴᠠᠯᠭᠠᠳ᠋ᠠᠨ 《ᠬᠤᠶᠠᠷ ᠲᠣ ᠵᠤᠪᠠᠬᠤ ᠦᠭᠡᠶ᠂ ᠭᠤᠷᠪᠠ ᠶᠢ ᠪᠠᠳ᠋ᠤᠯᠠᠬᠤ》 ᠲᠤᠪᠤᠢ᠌ᠮ᠎ᠠ ᠠᠰᠠᠭᠤᠳ᠋ᠠᠯ ᠤᠨ ᠲᠤᠭᠤᠷᠢᠨ ᠳ᠋ᠥ᠂ ᠲᠠᠬᠢᠨ ᠶᠠᠳ᠋ᠠᠭᠤᠷᠠᠬᠤ ᠶᠢ ᠰᠠᠨᠠᠭᠠᠴᠢᠯᠠᠭ᠎ᠠ ᠡᠴᠨ ᠪᠠᠨ ᠬᠢᠨᠠᠨ ᠪᠠᠢ᠌ᠴᠠᠭᠠᠬᠤ ᠪᠠ ᠬᠠᠪᠰᠤᠷᠤᠨ ᠲᠠᠳᠬᠦᠬᠦ ᠶᠢ ᠴᠢᠩᠭ᠋ᠠᠳᠬᠠᠵᠤ᠂ ᠬᠠᠪᠰᠤᠷᠤᠨ ᠲᠠᠳᠬᠦᠬᠦ ᠠᠵᠢᠯ ᠤᠨ ᠬᠦᠴᠤᠨ ᠢ ᠬᠦᠢᠴᠡᠳ ᠲᠤᠬᠢᠷᠠᠭᠤᠯᠤᠨ᠂ ᠬᠢᠨᠠᠨ ᠪᠠᠢ᠌ᠴᠠᠭᠠᠬᠤ ᠡᠷᠤᠭᠡ᠂ ᠲᠤᠤᠷ᠎ᠠ ᠪᠠᠳ᠋ᠤᠯᠭᠠᠳ᠋ᠤ ᠡᠷᠤᠭᠡ ᠵᠡᠷᠭᠡ ᠭᠤᠤᠯᠳ᠋ᠠᠯᠭ᠎ᠠ ᠲᠡᠶ ᠬᠦᠮᠤᠰ ᠢ ᠭᠤᠤᠯ ᠪᠤᠯᠭᠠᠨ ᠠᠩᠬᠠᠷᠴᠤ᠂ ᠤᠷᠤᠯᠭ᠎ᠠ ᠶᠢᠨ ᠲᠠᠩᠰᠨ ᠶᠢ ᠰᠠᠢ᠌ᠳ᠋ᠤᠷ ᠪᠤᠳ᠋ᠤᠵᠤ᠂ ᠠᠯᠪᠠᠨ ᠵᠢᠷᠤᠮ ᠤᠨ ᠰᠤᠷᠭᠠᠨ ᠬᠦᠮᠤᠵᠢᠯ᠂ ᠦᠨᠳ᠋ᠤᠰᠤᠨ ᠡᠮ ᠡᠮᠨᠡᠯᠭᠡ᠂ ᠤᠷᠤᠨ ᠰᠠᠭᠤᠴᠨ ᠶᠢᠨ ᠠᠮᠤᠷ ᠲᠦ᠋ᠪᠰᠢᠨ ᠪᠠ ᠤᠤᠭᠤᠬᠤ ᠤᠰᠤᠨ ᠤ ᠠᠮᠤᠷ ᠲᠦ᠋ᠪᠰᠢᠨ ᠵᠡᠷᠭᠡ ᠡᠯ᠎ᠠ ᠵᠤᠢ᠌ᠯ ᠤᠨ ᠲᠦ᠋ᠷᠤ ᠶᠢᠨ ᠪᠤᠳ᠋ᠤᠯᠭ᠎ᠠ ᠠᠷᠭ᠎ᠠ ᠭᠡᠮᠵᠢᠶ᠎ᠠ ᠶᠢ ᠤᠨᠤᠪᠴᠢᠳ᠋ᠠᠢ ᠨᠠᠢ᠌ᠳ᠋ᠠᠪᠤᠷᠢᠵᠢᠭᠤᠯᠤᠨ ᠪᠤᠳ᠋ᠠᠳ᠋ᠠᠢ᠌ᠵᠢᠭᠤᠯᠵᠤ᠂ ᠶᠠᠳ᠋ᠠᠭᠤ ᠡᠴᠨ ᠠᠩᠬᠢᠵᠢᠷᠠᠭᠤᠯᠬᠤ ᠪᠤᠭᠤᠮᠳ᠋ᠠ ᠰᠢᠪᠳ᠋ᠤᠯᠤᠭᠰᠨᠨ ᠦᠷ᠎ᠠ ᠪᠦᠳ᠋ᠤᠭᠡᠯ ᠢ ᠪᠠᠬᠢᠵᠢᠬᠦᠯᠬᠦ ᠪᠠ ᠬᠦᠳ᠋ᠡᠭᠡ ᠲᠤᠰᠬᠤᠨ ᠢ ᠬᠦᠭ᠍ᠵᠢᠬᠦᠯᠤᠨ ᠮᠠᠨᠳ᠋ᠤᠭᠤᠯᠬᠤ ᠶᠢ ᠪᠦᠳ᠋ᠤᠮᠵᠢᠳ᠋ᠠᠢ ᠵᠤᠯᠭᠠᠭᠤᠯᠬᠤ ᠠᠵᠢᠯ ᠢ ᠴᠢᠨᠠᠷ ᠰᠠᠢ᠌ᠳ᠋ᠠᠢ ᠪᠠᠶᠡᠯᠡᠬᠦᠯᠬᠦ ᠶᠢ ᠦᠨᠡᠨᠬᠦ ᠪᠠᠳ᠋ᠤᠯᠠᠬᠤ ᠭᠡᠷᠡᠭ᠍ᠳ᠋ᠡᠢ ᠭᠡᠵᠤ ᠴᠢᠩᠭ᠋ᠠᠳᠬᠠᠵᠠᠢ᠃  (ᠳ᠋ᠠᠢ ᠰᠢᠶ‍ᠦ᠋ᠩ)

ᠡᠮᠦᠨᠡᠬᠢ᠄ ᠡᠤ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠤ ᠶᠠᠳ᠋ᠠᠭᠤ ᠡᠴᠨ ᠠᠩᠬᠢᠵᠢᠷᠠᠭᠤᠯᠬᠤ ᠪᠤᠭᠤᠮᠳ᠋ᠠ ᠰᠢᠪᠳ᠋ᠤᠯᠤᠭᠰᠨᠨ ᠦᠷ᠎ᠠ ᠪᠦᠳ᠋ᠤᠭᠡᠯ ᠢ ᠪᠠᠬᠢᠵᠢᠬᠦᠯᠤᠨ ᠦᠷᠭᠡᠳᠭᠡᠬᠦ ᠪᠠ ᠬᠦᠳ᠋ᠡᠭᠡ ᠲᠤᠰᠬᠤᠨ ᠢ ᠬᠦᠭ᠍ᠵᠢᠬᠦᠯᠤᠨ ᠮᠠᠨᠳ᠋ᠤᠭᠤᠯᠬᠤ ᠶᠢ ᠪᠦᠳ᠋ᠤᠮᠵᠢᠳ᠋ᠠᠢ ᠵᠤᠯᠭᠠᠭᠤᠯᠬᠤ ᠠᠵᠢᠯ ᠢ ᠬᠢᠨᠠᠨ ᠵᠢᠯᠤᠭᠤᠳᠪᠠ
ᠳᠠᠷᠠᠭᠠᠬᠢ᠄ ᠡᠤ ᠴᠢᠩ ᠬᠠᠢ ᠤᠮᠠᠷᠠᠳ᠋ᠤ ᠭᠡᠰᠡᠭ᠌ ᠤᠨ ᠮᠠᠯᠵᠢᠬᠤ ᠤᠷᠤᠨ ᠤ ᠶᠠᠳ᠋ᠠᠭᠤ ᠡᠴᠨ ᠠᠩᠬᠢᠵᠢᠷᠠᠭᠤᠯᠬᠤ ᠪᠤᠭᠤᠮᠳ᠋ᠠ ᠰᠢᠪᠳ᠋ᠤᠯᠤᠭᠰᠨᠨ ᠦᠷ᠎ᠠ ᠪᠦᠳ᠋ᠤᠭᠡᠯ ᠢ ᠪᠠᠬᠢᠵᠢᠬᠦᠯᠤᠨ ᠦᠷᠭᠡᠳᠭᠡᠬᠦ ᠪᠠ ᠬᠦᠳ᠋ᠡᠭᠡ ᠲᠤᠰᠬᠤᠨ ᠢ ᠬᠦᠭ᠍ᠵᠢᠬᠦᠯᠤᠨ ᠮᠠᠨᠳ᠋ᠤᠭᠤᠯᠬᠤ ᠶᠢ ᠪᠦᠳ᠋ᠤᠮᠵᠢᠳ᠋ᠠᠢ ᠵᠤᠯᠭᠠᠭᠤᠯᠬᠤ ᠠᠵᠢᠯ ᠢ ᠵᠢᠭᠠᠨ ᠵᠢᠯᠤᠭᠤᠳᠪᠠ