ᠤᠳᠤ ᠶᠢᠨ ᠪᠠᠢ᠌ᠷᠢ᠄
ᠴᠢᠬᠤᠯᠠ ᠮᠡᠳᠡᠭᠡ → ᠡᠤ ᠴᠢᠩ ᠬᠠᠢ ᠤᠮᠠᠷᠠᠳ᠋ᠤ ᠭᠡᠰᠡᠭ᠌ ᠤᠨ ᠮᠠᠯᠵᠢᠬᠤ᠁
ᠡᠤ ᠴᠢᠩ ᠬᠠᠢ ᠤᠮᠠᠷᠠᠳ᠋ᠤ ᠭᠡᠰᠡᠭ᠌ ᠤᠨ ᠮᠠᠯᠵᠢᠬᠤ ᠤᠷᠤᠨ ᠤ ᠶᠠᠳ᠋ᠠᠭᠤ ᠡᠴᠨ ᠠᠩᠬᠢᠵᠢᠷᠠᠭᠤᠯᠬᠤ ᠪᠤᠭᠤᠮᠳ᠋ᠠ ᠰᠢᠪᠳ᠋ᠤᠯᠤᠭᠰᠨᠨ ᠦᠷ᠎ᠠ ᠪᠦᠳ᠋ᠤᠭᠡᠯ ᠢ ᠪᠠᠬᠢᠵᠢᠬᠦᠯᠤᠨ ᠦᠷᠭᠡᠳᠭᠡᠬᠦ ᠪᠠ ᠬᠦᠳ᠋ᠡᠭᠡ ᠲᠤᠰᠬᠤᠨ ᠢ ᠬᠦᠭ᠍ᠵᠢᠬᠦᠯᠤᠨ ᠮᠠᠨᠳ᠋ᠤᠭᠤᠯᠬᠤ ᠶᠢ ᠪᠦᠳ᠋ᠤᠮᠵᠢᠳ᠋ᠠᠢ ᠵᠤᠯᠭᠠᠭᠤᠯᠬᠤ ᠠᠵᠢᠯ ᠢ ᠵᠢᠭᠠᠨ ᠵᠢᠯᠤᠭᠤᠳᠪᠠ

12 ᠰᠠᠷ᠎ᠠ ᠶᠢᠨ 23 ᠤ ᠡᠳ᠋ᠤᠷ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠤ ᠴᠢᠩ ᠬᠠᠢ ᠭᠡᠷᠴᠢᠯᠠᠭᠤ ᠰᠤᠮᠤ ᠤᠮᠠᠷᠠᠳ᠋ᠤ ᠭᠡᠰᠡᠭ᠌ ᠤᠨ ᠮᠠᠯᠵᠢᠬᠤ ᠤᠷᠤᠨ ᠤ ᠶᠠᠳ᠋ᠠᠭᠤ ᠡᠴᠨ ᠠᠩᠬᠢᠵᠢᠷᠠᠭᠤᠯᠬᠤ ᠪᠤᠭᠤᠮᠳ᠋ᠠ ᠰᠢᠪᠳ᠋ᠤᠯᠤᠭᠰᠨᠨ ᠦᠷ᠎ᠠ ᠪᠦᠳ᠋ᠤᠭᠡᠯ ᠢ ᠪᠠᠬᠢᠵᠢᠬᠦᠯᠤᠨ ᠦᠷᠭᠡᠳᠭᠡᠬᠦ ᠪᠠ ᠬᠦᠳ᠋ᠡᠭᠡ ᠲᠤᠰᠬᠤᠨ ᠢ ᠬᠦᠭ᠍ᠵᠢᠬᠦᠯᠤᠨ ᠮᠠᠨᠳ᠋ᠤᠭᠤᠯᠬᠤ ᠶᠢ ᠪᠦᠳ᠋ᠤᠮᠵᠢᠳ᠋ᠠᠢ ᠵᠤᠯᠭᠠᠭᠤᠯᠬᠤ ᠠᠵᠢᠯ ᠢ ᠵᠢᠭᠠᠨ ᠵᠢᠯᠤᠭᠤᠳᠪᠠ᠃ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠪᠦᠷᠢᠯᠳ᠋ᠤᠬᠦᠨ ᠭᠡᠰᠢᠬᠦᠨ᠂ ᠲᠠᠳ᠋ ᠡᠷᠬᠢᠯᠡᠭ᠍ᠴᠢ ᠶᠢᠨ ᠵᠢᠱᠢᠭ᠍ᠳ᠋ᠡᠭ᠍ᠴᠢ ᠪᠤᠤ ᠯᠦ᠋ᠩ ᠵᠢᠴᠢ ᠬᠤᠰᠢᠭᠤᠨ ᠤ ᠬᠠᠮᠢᠶ᠎ᠠ ᠪᠦᠬᠦᠢ ᠪᠠᠢ᠌ᠭᠤᠯᠭ᠎ᠠ ᠶᠢᠨ ᠬᠠᠷᠢᠭᠤᠴᠠᠯᠭᠠᠳ᠋ᠠᠨ ᠪᠠᠷ᠎ᠠ ᠪᠤᠯᠪᠠ᠃
ᠡᠤ ᠴᠢᠩ ᠬᠠᠢ ᠨᠡᠷ ᠤᠷᠢᠳ ᠬᠤᠵᠢᠳ ᠭᠡᠷᠴᠢᠯᠠᠭᠤ ᠰᠤᠮᠤ ᠶᠢᠨ ᠭᠡᠷᠴᠢᠯᠠᠭᠤ ᠭᠠᠴᠠᠭ᠎ᠠ ᠪᠠ ᠠᠷᠤ ᠬᠦᠨᠳ᠋ᠡᠯᠡᠨ ᠪᠠᠯᠭᠠᠰᠤᠨ ᠤ ᠰᠠᠷᠠᠭᠤᠯ ᠭᠠᠴᠠᠭ᠎ᠠ᠂ ᠤᠯᠠᠭᠠᠨᠬᠠᠳ᠋ᠠ ᠰᠤᠮᠤ ᠶᠢᠨ ᠬᠤᠩᠬᠠᠳ᠋ᠤ ᠭᠠᠴᠠᠭ᠎ᠠ ᠪᠠ ᠪᠠᠶᠠᠷᠳ᠋ᠤᠬᠤᠰᠢᠭᠤ ᠪᠠᠯᠭᠠᠰᠤᠨ ᠳ᠋ᠥ ᠬᠦᠷᠴᠤ᠂ ᠬᠠᠮᠢᠶ᠎ᠠ ᠪᠦᠬᠦᠢ ᠬᠠᠷᠢᠭᠤᠴᠠᠯᠭᠠᠳ᠋ᠠᠨ ᠤ ᠠᠵᠢᠯ ᠤᠨ ᠪᠠᠢ᠌ᠳ᠋ᠠᠯ ᠤᠨ ᠮᠡᠳ᠋ᠡᠬᠦᠯᠤᠯᠳ᠋ᠠ ᠶᠢ ᠨᠠᠷᠢᠨ ᠬᠢᠨᠠᠮᠠᠭᠠᠢ ᠰᠤᠨᠤᠰᠬᠤ᠂ ᠡᠷᠤᠭᠡ ᠳ᠋ᠥ ᠤᠷᠤᠵᠤ ᠶᠠᠷᠢᠯᠴᠠᠨ ᠰᠤᠯᠢᠯᠴᠠᠬᠤ᠂ ᠲᠠᠩᠰᠨ ᠡᠪᠭᠡᠮᠡᠯ ᠤᠨ ᠮᠠᠲ᠋ᠸᠷᠢᠶᠠᠯ ᠢ ᠨᠠᠷᠢᠨ ᠪᠠᠢ᠌ᠴᠠᠭᠠᠨ ᠦᠵᠡᠬᠦ᠂ 《ᠬᠤᠶᠠᠷ ᠲᠣ ᠵᠤᠪᠠᠬᠤ ᠦᠭᠡᠶ᠂ ᠭᠤᠷᠪᠠ ᠶᠢ ᠪᠠᠳ᠋ᠤᠯᠠᠬᠤ》 ᠶᠢ ᠨᠠᠷᠢᠨ ᠤᠢ᠌ᠯᠠᠭᠠᠵᠤ ᠡᠷᠬᠢᠨ ᠬᠠᠷᠠᠬᠤ᠂ ᠭᠠᠴᠠᠭ᠎ᠠ ᠲᠤᠰᠬᠤᠨ ᠤ ᠬᠠᠮᠳ᠋ᠤ ᠶᠢᠨ ᠠᠵᠤ ᠠᠬᠤᠢ ᠶᠢᠨ ᠬᠦᠭ᠍ᠵᠢᠯᠳ᠋ᠠ᠂ ᠲᠦ᠋ᠷᠤ ᠶᠢᠨ ᠪᠤᠳ᠋ᠤᠯᠭ᠎ᠠ ᠶᠢᠨ ᠨᠠᠢ᠌ᠳ᠋ᠠᠪᠤᠷᠢᠵᠢᠭᠤᠯᠤᠯᠳ᠋ᠠ᠂ ᠤᠯᠠᠨ ᠲᠦ᠋ᠮᠨᠨ ᠤ ᠤᠢ᠌ᠯᠡᠳᠪᠤᠷᠢᠯᠡᠯ ᠠᠮᠢᠳ᠋ᠤᠷᠠᠯ᠂ ᠤᠷᠤᠰᠢᠨ ᠰᠠᠭᠤᠬᠤ ᠤᠷᠴᠢᠨ ᠨᠦ᠋ᠬᠦᠴᠡᠯ ᠢ ᠰᠠᠢ᠌ᠵᠢᠷᠠᠭᠤᠯᠤᠭᠰᠨᠨ ᠪᠠ ᠬᠠᠪᠰᠤᠷᠤᠨ ᠲᠠᠳᠬᠦᠬᠦ ᠬᠠᠷᠢᠭᠤᠴᠠᠯᠭᠠᠳ᠋ᠠᠨ ᠡᠷᠤᠭᠡ ᠳ᠋ᠥ ᠤᠷᠤᠵᠤ ᠲᠠᠷᠠᠭᠠᠯᠠᠨ ᠪᠠᠢ᠌ᠴᠠᠭᠠᠬᠤ ᠵᠡᠷᠭᠡ ᠠᠵᠢᠯ ᠦᠷᠨᠢᠬᠦᠯᠦᠭ᠍ᠰᠨᠨ ᠪᠠᠢ᠌ᠳ᠋ᠠᠯ᠂ ᠠᠵᠢᠯ ᠲᠤᠮᠳ᠋ᠠ ᠤᠷᠤᠰᠢᠵᠤ ᠪᠠᠢ᠌ᠭ᠎ᠠ ᠠᠰᠠᠭᠤᠳ᠋ᠠᠯ ᠳ᠋ᠥ ᠵᠢᠯᠤᠭᠤᠳᠬᠤ ᠴᠢᠨᠠᠷ ᠲᠡᠶ ᠰᠠᠨᠠᠯ ᠲᠤᠷᠠᠳᠴᠠᠢ᠃
ᠡᠤ ᠴᠢᠩ ᠬᠠᠢ ᠡᠴᠨ᠂ ᠰᠤᠮᠤ ᠭᠠᠴᠠᠭᠠᠨ ᠤ ᠨᠠᠮ ᠤᠨ ᠵᠤᠬᠢᠶᠠᠨ ᠪᠠᠢ᠌ᠭᠤᠯᠤᠯᠳ᠋ᠠ ᠪᠤᠯᠤᠨ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠲᠠᠷᠢᠬᠦᠯᠡᠭ᠍ᠴᠢᠳ ᠤᠨ ᠪᠦᠯᠬᠦᠮ ᠦᠨᠳ᠋ᠤᠰᠤᠨ ᠱᠠᠳ᠋ᠤᠨ ᠤ ᠵᠤᠬᠢᠶᠠᠨ ᠪᠠᠢ᠌ᠭᠤᠯᠤᠯᠳ᠋ᠠ ᠶᠢᠨ ᠴᠢᠳ᠋ᠠᠪᠤᠷᠢ ᠪᠠᠨ ᠢᠳ᠋ᠡᠪᠬᠢᠳ᠋ᠠᠢ ᠪᠠᠳ᠋ᠠᠷᠠᠭᠤᠯᠵᠤ᠂ ᠭᠠᠴᠠᠭ᠎ᠠ ᠲᠤᠰᠬᠤᠨ ᠤ ᠨᠠᠮ ᠤᠨ ᠭᠡᠰᠢᠬᠦᠨ ᠪᠠ ᠰᠢᠨ᠎ᠠ ᠪᠠᠷ ᠰᠤᠩᠭ᠋ᠤᠭᠳ᠋ᠠᠭᠰᠨᠨ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠲᠦ᠋ᠯᠤᠭᠡᠯᠡᠭ᠍ᠴᠢ ᠶᠢ ᠬᠦᠳ᠋ᠤᠯᠤᠨ ᠲᠠᠭᠠᠭᠤᠯᠵᠤ᠂ ᠲᠠᠳ᠋ᠠᠨ ᠤ ᠦᠨᠳ᠋ᠤᠰᠤᠨ ᠱᠠᠳ᠋ᠤᠨ ᠤ ᠡᠮᠤᠨ᠎ᠠ ᠹᠷᠤᠨᠲ ᠲᠣ ᠠᠵᠢᠯᠯᠠᠬᠤ᠂ ᠤᠯᠠᠨ ᠲᠦ᠋ᠮᠨᠨ ᠲᠡᠶ ᠨᠢᠭᠳ᠋ᠠ ᠬᠠᠷᠢᠯᠴᠠᠬᠤ ᠲᠠᠪᠠᠭᠤᠯᠢᠭ ᠪᠤᠯᠤᠨ ᠤᠷᠢᠶᠠᠯᠠᠬᠤ ᠬᠦᠴᠤᠨ ᠶᠢᠡᠨ ᠬᠦᠢᠴᠡᠳ ᠪᠠᠳ᠋ᠠᠷᠠᠭᠤᠯᠵᠤ᠂ ᠤᠯᠠᠨ ᠲᠦ᠋ᠮᠨᠨ ᠲᠡᠶ ᠬᠠᠷᠢᠯᠴᠠᠬᠤ᠂ ᠤᠯᠨᠨ ᠲᠦ᠋ᠮᠨᠨ ᠳ᠋ᠥ ᠤᠢ᠌ᠯᠡᠴᠢᠯᠡᠬᠦ᠂ ᠠᠰᠢᠭ ᠲᠤᠰᠨ ᠶᠢ ᠵᠤᠬᠢᠴᠠᠭᠤᠯᠬᠤ᠂ ᠬᠦᠭ᠍ᠵᠢᠯᠳ᠋ᠠ ᠶᠢ ᠠᠬᠢᠭᠤᠯᠬᠤ ᠡᠬᠦᠷᠭᠡ ᠶᠢ ᠦᠨᠡᠨᠬᠦ ᠡᠬᠦᠷᠭᠡᠯᠡᠨ᠂ ᠶᠠᠳ᠋ᠠᠭᠤ ᠡᠴᠨ ᠠᠩᠬᠢᠵᠢᠷᠠᠭᠤᠯᠬᠤ ᠪᠤᠭᠤᠮᠳ᠋ᠠ ᠰᠢᠪᠳ᠋ᠤᠯᠤᠭᠰᠨᠨ ᠦᠷ᠎ᠠ ᠪᠦᠳ᠋ᠤᠭᠡᠯ ᠢ ᠪᠠᠬᠢᠵᠢᠬᠦᠯᠤᠨ ᠦᠷᠭᠡᠳᠭᠡᠬᠦ ᠪᠠ ᠬᠦᠳ᠋ᠡᠭᠡ ᠲᠤᠰᠬᠤᠨ ᠢ ᠬᠦᠭ᠍ᠵᠢᠬᠦᠯᠤᠨ ᠮᠠᠨᠳ᠋ᠤᠭᠤᠯᠬᠤ ᠶᠢ ᠪᠦᠳ᠋ᠤᠮᠵᠢᠳ᠋ᠠᠢ ᠵᠤᠯᠭᠠᠭᠤᠯᠬᠤ ᠠᠵᠢᠯ ᠳ᠋ᠥ ᠪᠦᠬᠦ ᠬᠦᠴᠤᠨ ᠶᠢᠡᠷ ᠶᠢᠡᠨ ᠤᠷᠤᠯᠴᠠᠵᠤ᠂ ᠪᠤᠳ᠋ᠠᠳ᠋ᠤ ᠠᠵᠢᠯᠯᠠᠭ᠎ᠠ ᠪᠠᠷ ᠶᠢᠡᠨ ᠡᠪ ᠬᠠᠮᠳ᠋ᠤ ᠨᠠᠮ ᠤᠨ ᠭᠡᠰᠢᠬᠦᠨ ᠪᠤᠯᠤᠨ ᠠᠷᠠᠳ ᠤᠨ ᠲᠦ᠋ᠯᠤᠭᠡᠯᠡᠭ᠍ᠴᠢ ᠶᠢᠨ ᠴᠤᠭ ᠵᠢᠪᠬᠤᠭ᠎ᠠ ᠶᠢ ᠢᠯᠡᠷᠡᠬᠦᠯᠬᠦ ᠭᠡᠷᠡᠭ᠍ᠳ᠋ᠡᠢ ᠭᠡᠵᠤ ᠴᠢᠬᠤᠯᠠᠴᠢᠯᠠᠪᠠ᠃ (ᠳ᠋ᠠᠢ ᠰᠢᠶᠦ᠋ᠩ)
ᠨᠡᠢ᠌ᠲᠡᠯᠡᠭᠰᠡᠰᠨ ᠴᠠᠭ᠄ 2021-12-27 19:07:59
ᠨᠠᠢ᠌ᠷᠠᠭᠤᠯᠤᠭᠴᠢ᠄ ᠳᠠᠯᠠᠢ
ᠬᠠᠷᠢᠭᠤᠴᠠᠭᠰᠠᠨ ᠨᠠᠢ᠌ᠷᠠᠭᠤᠯᠤᠭᠴᠢ᠄ ᠳᠠᠯᠠᠢ
ᠳᠠᠷᠤᠮ᠄ 1944