ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠬᠦᠷ ᠬᠤᠪᠤᠯᠳ᠋ᠤ ᠭᠠᠴᠠᠭ᠎ᠠ ᠳ᠋ᠥ ᠨᠠᠮ ᠤᠨ ᠡᠬᠦᠷ ᠬᠤᠯᠪᠤᠭᠠᠯᠠᠨ ᠪᠠᠢ᠌ᠭᠤᠯᠬᠤ ᠠᠵᠢᠯᠯᠠᠭ᠎ᠠ ᠦᠷᠨᠢᠬᠦᠯᠪᠡ

       

           12 ᠰᠠᠷ᠎ᠠ ᠶᠢᠨ 23 ᠤ ᠡᠳ᠋ᠤᠷ ᠶᠢᠨ ᠦᠳ᠋ᠡ ᠶᠢᠨ ᠡᠮᠤᠨ᠎ᠠ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠬᠦᠷ ᠪᠠ ᠪᠠᠶᠠᠷᠳ᠋ᠤᠬᠤᠰᠢᠭᠤ ᠪᠠᠯᠭᠠᠰᠤᠨ ᠤ ᠬᠤᠪᠤᠯᠳ᠋ᠤ ᠭᠠᠴᠠᠭ᠎ᠠ ᠶᠢᠨ ᠨᠠᠮ ᠤᠨ ᠡᠬᠦᠷ ᠬᠠᠮᠳ᠋ᠤᠷᠠᠨ 《ᠨᠠᠮ ᠤᠨ ᠡᠬᠦᠷ + ᠨᠠᠮ ᠤᠨ ᠡᠬᠦᠷ》 ᠬᠠᠷᠢᠯᠴᠠᠨ ᠰᠤᠷᠤᠯᠴᠠᠵᠤ ᠬᠠᠷᠢᠯᠴᠠᠨ ᠬᠠᠪᠰᠤᠷᠤᠯᠴᠠᠵᠤ ᠬᠠᠮᠳ᠋ᠤᠪᠠᠷ ᠭᠤᠤᠯ ᠰᠡᠳ᠋ᠤᠪᠳ᠋ᠤ ᠬᠤᠯᠪᠤᠭᠠᠯᠠᠨ ᠪᠠᠢ᠌ᠭᠤᠯᠬᠤ ᠠᠵᠢᠯᠯᠠᠭ᠎ᠠ ᠦᠷᠨᠢᠬᠦᠯᠪᠡ᠃

          ᠲᠤᠰ ᠬᠦᠳ᠋ᠡᠯᠭᠡᠭᠡᠨ ᠳ᠋ᠥ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠬᠠᠷᠢᠭᠤᠴᠠᠯᠭᠠᠳ᠋ᠠᠨ 《ᠵᠠᠷᠤᠤᠨ ᠬᠤᠰᠢᠭᠤᠨ ᠤ 〈ᠨᠠᠮ ᠤᠨ ᠡᠬᠦᠷ + ᠨᠠᠮ ᠤᠨ ᠡᠬᠦᠷ〉 〈ᠠᠷᠪᠠ ᠨᠢᠭᠡ〉 ᠶᠢᠨ ᠠᠵᠢᠯ ᠤᠨ ᠭᠡᠷᠡᠭ᠍ᠵᠢᠬᠦᠯᠬᠦ ᠲᠦ᠋ᠰᠤᠯ》 ᠢ ᠵᠠᠷᠯᠠᠨ ᠤᠩᠰᠢᠭᠰᠨᠨ ᠪᠦᠭᠡᠳ ᠬᠤᠯᠪᠤᠭᠠᠯᠠᠨ ᠪᠠᠢ᠌ᠭᠤᠯᠬᠤ ᠠᠵᠢᠯᠯᠠᠭ᠎ᠠ ᠶᠢ ᠭᠡᠷᠬᠢᠨ ᠰᠠᠢ᠌ᠳ᠋ᠤᠷ ᠦᠷᠨᠢᠬᠦᠯᠬᠦ ᠲᠤᠬᠠᠢ ᠶᠠᠷᠢᠯᠴᠠᠵᠤ ᠰᠠᠨᠠᠯ ᠰᠤᠯᠢᠯᠴᠠᠪᠠ᠃ ᠬᠤᠶᠠᠷ ᠨᠠᠮ ᠤᠨ ᠡᠬᠦᠷ ᠤᠨ ᠬᠠᠮᠢᠶ᠎ᠠ ᠪᠦᠬᠦᠢ ᠨᠦ᠋ᠬᠦᠤᠨ ᠨᠠᠮ ᠤᠨ ᠡᠬᠦᠷ ᠤᠨ ᠦᠨᠳ᠋ᠤᠰᠤᠨ ᠪᠠᠢ᠌ᠳ᠋ᠠᠯ᠂ ᠨᠠᠮ ᠤᠨ ᠪᠠᠢ᠌ᠭᠤᠯᠤᠯᠳ᠋ᠠ ᠶᠢᠨ ᠠᠵᠢᠯᠯᠠᠭ᠎ᠠ ᠶᠢᠨ ᠤᠨᠴᠠᠯᠢᠭ ᠵᠢᠴᠢ ᠲᠤᠬᠠᠢ᠌ᠯᠠᠭᠰᠨᠨ ᠠᠵᠢᠯ ᠦᠷᠨᠢᠬᠦᠯᠦᠭ᠍ᠰᠨᠨ ᠪᠠᠢ᠌ᠳ᠋ᠠᠯ ᠶᠢᠡᠨ ᠬᠠᠷᠢᠯᠴᠠᠨ ᠲᠠᠨᠢᠯᠴᠠᠭᠤᠯᠤᠭᠰᠨᠨ ᠪᠦᠭᠡᠳ ᠨᠠᠮ ᠤᠨ ᠪᠠᠢ᠌ᠭᠤᠯᠤᠯᠳ᠋ᠠ ᠶᠢᠨ ᠲᠤᠬᠠᠢ ᠬᠠᠷᠢᠯᠴᠠᠨ ᠲᠤᠰᠢᠶᠠᠯ ᠤᠨ ᠮᠡᠳ᠋ᠡᠬᠦᠯᠤᠯᠳ᠋ᠠ ᠬᠢᠪᠡ᠃ ᠲᠤᠰᠢᠶᠠᠯ ᠤᠨ ᠮᠡᠳ᠋ᠡᠬᠦᠯᠤᠯᠳ᠋ᠠ ᠲᠠᠭᠤᠰᠤᠭᠰᠨᠨ ᠤ ᠲᠠᠷᠠᠭ᠎ᠠ᠂ ᠬᠤᠶᠠᠷ ᠲᠠᠯ᠎ᠠ ᠪᠠᠷ ᠶᠢᠡᠨ ᠨᠠᠮ ᠤᠨ ᠪᠠᠢ᠌ᠭᠤᠯᠤᠯᠳ᠋ᠠ ᠶᠢᠨ ᠬᠠᠷᠢᠯᠴᠠᠨ ᠪᠠᠢ᠌ᠴᠠᠭᠠᠯᠳ᠋ᠠ ᠦᠷᠨᠢᠬᠦᠯᠤᠨ᠂ ᠨᠠᠮ ᠤᠨ ᠪᠠᠢ᠌ᠭᠤᠯᠤᠯᠳ᠋ᠠ ᠶᠢᠨ ᠲᠤᠷᠰᠢᠯᠭ᠎ᠠ ᠪᠠᠨ ᠰᠤᠯᠢᠯᠴᠠᠭᠭᠰᠨᠨ ᠨᠢ ᠨᠠᠮ ᠤᠨ ᠪᠠᠢ᠌ᠭᠤᠯᠤᠯᠳ᠋ᠠ ᠶᠢᠨ ᠠᠵᠢᠯ ᠤᠨ ᠰᠢᠨ᠎ᠠ ᠪᠠᠢ᠌ᠷᠢᠰᠢᠯ ᠢ ᠬᠠᠮᠳ᠋ᠤᠪᠠᠷ ᠲᠠᠭᠡᠭ᠍ᠰᠢᠯᠡᠬᠦᠯᠬᠦ ᠲᠠᠯ᠎ᠠ ᠪᠠᠷ ᠴᠢᠬᠤᠯᠨ ᠨᠢᠭᠡ ᠠᠯᠬᠤᠮ ᠢ ᠠᠯᠬᠤᠪᠠ᠃

          ᠲᠤᠰ ᠤᠳ᠋ᠠᠭᠠᠨ ᠤ ᠬᠤᠯᠪᠤᠭᠠᠯᠠᠨ ᠪᠠᠢ᠌ᠭᠤᠯᠬᠤ ᠠᠵᠢᠯᠯᠠᠭ᠎ᠠ ᠨᠢ ᠬᠤᠶᠠᠷ ᠲᠠᠯ᠎ᠠ ᠶᠢᠨ ᠨᠠᠮ ᠤᠨ ᠵᠤᠬᠢᠶᠠᠨ ᠪᠠᠢ᠌ᠭᠤᠯᠤᠯᠳ᠋ᠠ ᠶᠢᠨ ᠬᠠᠷᠢᠯᠴᠠᠨ ᠰᠤᠯᠢᠯᠴᠠᠨ ᠰᠤᠷᠤᠯᠴᠠᠵᠤ᠂ ᠨᠦ᠋ᠬᠦᠭᠡ ᠲᠠᠯ᠎ᠠ ᠶᠢᠨ ᠶᠢᠡᠨ ᠨᠠᠮ ᠤᠨ ᠪᠠᠢ᠌ᠭᠤᠯᠤᠯᠳ᠋ᠠ ᠶᠢᠨ ᠠᠵᠢᠯ ᠤᠨ ᠰᠠᠢ᠌ᠨ ᠠᠷᠭ᠎ᠠ ᠲᠤᠷᠰᠢᠯᠭ᠎ᠠ ᠪᠠᠷ ᠲᠤᠯᠢ ᠪᠤᠯᠭᠠᠬᠤ ᠰᠠᠢ᠌ᠨ ᠰᠠᠢ᠌ᠬᠠᠨ ᠲᠠᠪᠴᠠᠩ ᠢ ᠪᠠᠢ᠌ᠭᠤᠯᠵᠤ᠂ ᠨᠠᠮ ᠤᠨ ᠪᠠᠢ᠌ᠭᠤᠯᠤᠯᠳ᠋ᠠ ᠶᠢᠨ ᠠᠵᠢᠯ ᠤᠨ ᠬᠠᠨᠳ᠋ᠤᠯᠭᠠᠳ᠋ᠤ ᠴᠢᠨᠠᠷ ᠪᠠ ᠪᠤᠳ᠋ᠠᠳ᠋ᠤ ᠪᠦᠳ᠋ᠤᠮᠵᠢᠳ᠋ᠤ ᠴᠢᠨᠠᠷ ᠢ ᠴᠢᠩᠭ᠋ᠠᠷᠠᠭᠤᠯᠤᠨ᠂ ᠬᠤᠯᠪᠤᠭᠠᠯᠠᠨ ᠪᠠᠢ᠌ᠭᠤᠯᠤᠭᠰᠨᠨ ᠨᠠᠮ ᠤᠨ ᠡᠬᠦᠷ ᠨᠢ ᠬᠠᠷᠢᠯᠴᠠᠨ ᠠᠳ᠋ᠠᠯᠢᠳᠬᠠᠨ ᠰᠤᠷᠤᠯᠴᠠᠵᠤ ᠲᠠᠪᠠᠬᠤ᠂ ᠲᠠᠷᠢᠬᠦᠨ ᠤ ᠬᠢ ᠶᠢ ᠡᠬᠦᠳᠴᠤ ᠰᠢᠯᠢᠳ᠋ᠡᠭ᠌ ᠪᠤᠯᠬᠤ ᠪᠠᠷ ᠴᠢᠷᠮᠠᠢ᠌ᠬᠤ ᠰᠠᠢ᠌ᠨ ᠰᠠᠢ᠌ᠬᠠᠨ ᠠᠭᠤᠷ ᠠᠮᠢᠰᠬᠤᠯ ᠢ ᠪᠦᠳ᠋ᠤᠮᠵᠢᠳ᠋ᠠᠢ ᠪᠤᠢ ᠪᠤᠯᠭᠠᠵᠤ᠂ ᠨᠠᠮ ᠤᠨ ᠪᠠᠢ᠌ᠭᠤᠯᠤᠯᠳ᠋ᠠ ᠶᠢᠨ ᠠᠵᠢᠯ ᠤᠨ ᠪᠦᠬᠦ ᠲᠠᠯ᠎ᠠ ᠪᠠᠷ ᠲᠠᠭᠡᠭ᠍ᠰᠢᠯᠡᠬᠦ ᠶᠢ ᠤᠯᠠᠮ ᠨᠢᠭᠡ ᠠᠯᠬᠤᠮ ᠲᠦ᠋ᠯᠬᠢᠨ ᠠᠬᠢᠭᠤᠯᠪᠠ᠃ (ᠳ᠋ᠠᠢ ᠰᠢᠶ‍ᠦ᠋ᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠬᠦᠷ ᠤᠨᠴᠠᠭᠠᠢ ᠫᠷᠦᠭ᠍ᠷᠡᠮ ᠲᠠᠭᠤᠷᠢᠶᠠᠯ 6 ᠶᠢ ᠬᠦᠯᠢᠶᠠᠨ ᠠᠪᠴᠤ ᠦᠵᠡᠪᠡ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠨᠠᠮ ᠤᠨ ᠡᠬᠦᠷ ᠤᠨ ᠬᠤᠷᠠᠯ ᠬᠤᠷᠠᠯᠳ᠋ᠤᠭᠤᠯᠤᠨ ᠨᠠᠮ ᠤᠨ ᠬᠤᠷᠢᠳ᠋ᠤᠭᠠᠷ ᠶᠡᠭᠡ ᠬᠤᠷᠠᠯ ᠳ᠋ᠥ ᠤᠷᠤᠯᠴᠠᠬᠤ ᠬᠤᠰᠢᠭᠤᠨ ᠱᠠᠳ᠋ᠤᠨ ᠤ ᠲᠦ᠋ᠯᠤᠭᠡᠯᠡᠭ᠍ᠴᠢ ᠶᠢᠨ ᠵᠢᠱᠢᠭ᠍ᠳ᠋ᠡᠭ᠍ᠴᠢ ᠶᠢ ᠲᠠᠨᠢᠯᠴᠠᠭᠤᠯᠤᠨ ᠲᠠᠪᠰᠢᠬᠦᠯᠪᠡ