ᠤᠳᠤ ᠶᠢᠨ ᠪᠠᠢ᠌ᠷᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ → ᠠᠷᠠᠳ ᠤᠨ ᠲᠦ᠋ᠯᠦᠭᠡᠯᠡᠭ᠍ᠴᠢᠳ ᠤᠨ ᠶᠡᠬᠡ᠁
ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠦ᠋ᠯᠤᠭᠡᠯᠡᠭ᠍ᠴᠢ ᠶᠡᠭᠡ ᠬᠤᠷᠠᠯ ᠳ᠋ᠥ ᠨᠡᠷ᠎ᠠ ᠮᠡᠳ᠋ᠡᠬᠦᠯᠤᠯ᠎ᠠ

                  

             ᠵᠠᠷᠤᠤᠨ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠠᠩᠬᠠᠳ᠋ᠤᠭᠠᠷ ᠬᠤᠷᠠᠯᠳ᠋ᠤᠭᠠᠨ 1 ᠰᠠᠷ᠎ᠠ ᠶᠢᠨ7 ᠤ ᠡᠳ᠋ᠤᠷ ᠬᠤᠰᠢᠭᠤᠨ ᠤ ᠰᠤᠶᠤᠯ ᠤᠬᠠᠭᠤᠯᠭ᠎ᠠ ᠶᠢᠨ ᠲᠦ᠋ᠪ ᠳ᠋ᠥ ᠶᠠᠪᠤᠭᠳ᠋ᠠᠬᠤ ᠪᠤᠯᠤᠨ᠎ᠠ᠃ ᠬᠢᠵᠢᠭ᠌ ᠤᠨ ᠪᠠᠢ᠌ᠳ᠋ᠠᠯ ᠢ ᠰᠡᠷᠭᠡᠢ᠌ᠯᠡᠨ ᠡᠵᠡᠮᠳ᠋ᠡᠬᠦ ᠱᠠᠭᠠᠷᠳ᠋ᠠᠯᠭ᠎ᠠ ᠶᠢ ᠴᠢᠩᠭ᠎ᠠ ᠵᠢᠷᠤᠮᠯᠠᠨ᠂ ᠤᠬᠠᠮᠰᠠᠷ ᠡᠴᠨ ᠪᠠᠨ ᠠᠮᠠᠪᠴᠢ ᠵᠡᠬᠦᠵᠤ᠂ ᠡᠮᠬᠢ ᠵᠢᠷᠤᠮ ᠲᠡᠶ ᠪᠠᠷ ᠺᠤᠳ᠋ ᠰᠢᠷᠪᠢᠵᠤ᠂ ᠮᠡᠳ᠋ᠡᠭᠡ ᠵᠠᠩᠬᠢ ᠪᠠᠨ ᠲᠠᠩᠰᠠᠯᠠᠭᠤᠯᠵᠤ᠂ ᠦᠨᠡᠮᠯᠡᠯ ᠵᠢᠴᠢ ᠬᠤᠷᠠᠯ ᠤᠨ ᠬᠠᠮᠢᠶ᠎ᠠ ᠪᠦᠬᠦᠢ ᠮᠠᠲ᠋ᠸᠷᠢᠶᠠᠯ ᠶᠢᠡᠷ ᠠᠪᠴᠤ ᠪᠠᠢ᠌ᠯ᠎ᠠ᠃

             

             ᠨᠡᠷ᠎ᠠ ᠮᠡᠳ᠋ᠡᠬᠦᠯᠵᠤ ᠲᠠᠭᠤᠰᠤᠭᠰᠨᠨ ᠤ ᠲᠠᠷᠠᠭ᠎ᠠ᠂ ᠲᠦ᠋ᠯᠤᠭᠡᠯᠡᠭ᠍ᠴᠢᠳ ᠬᠤᠷᠠᠯ ᠤᠨ ᠮᠠᠲ᠋ᠸᠷᠢᠶᠠᠯ ᠢ ᠨᠠᠷᠢᠨ ᠬᠢᠨᠠᠮᠠᠭᠠᠢ ᠰᠤᠳ᠋ᠤᠯᠤᠨ ᠤᠩᠰᠢᠵᠤ᠂ ᠬᠤᠷᠠᠯ ᠤᠨ ᠵᠦ᠋ᠪᠯᠡᠬᠦ ᠵᠤᠢ᠌ᠯ ᠪᠤᠯᠤᠨ ᠬᠠᠮᠢᠶ᠎ᠠ ᠪᠦᠬᠦᠢ ᠲᠤᠬᠢᠷᠠᠭᠤᠯᠤᠯᠳ᠋ᠠ ᠶᠢ ᠤᠢ᠌ᠯᠠᠭᠠᠨ᠂ ᠶᠡᠭᠡ ᠬᠤᠷᠠᠯ ᠳ᠋ᠥ ᠤᠷᠤᠯᠴᠠᠬᠤ ᠪᠠᠷ ᠪᠡᠯᠡᠭᠡᠨ ᠪᠤᠯᠤᠯ᠎ᠠ᠃ᠠᠷᠠᠳ ᠤᠨ ᠲᠦ᠋ᠯᠤᠭᠡᠯᠡᠭ᠍ᠴᠢ ᠶᠢ ᠠᠷᠠᠳ ᠲᠦ᠋ᠮᠨᠨ ᠰᠤᠩᠭ᠋ᠤᠵᠤ᠂ ᠲᠦ᠋ᠯᠤᠭᠡᠯᠡᠭ᠍ᠴᠢ ᠨᠢ ᠠᠷᠠᠳ ᠲᠦ᠋ᠮᠨᠨ ᠶᠢᠡᠨ ᠲᠦ᠋ᠯᠤᠭᠡᠯᠡᠳ᠋ᠡᠭ᠌ ᠶᠤᠮ᠃ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠲᠦ᠋ᠯᠤᠭᠡᠯᠡᠭ᠍ᠴᠢᠳ ᠲᠠᠭᠡᠳ᠋ᠤ ᠭᠡᠮᠵᠢᠶᠠᠨ ᠤ ᠤᠯᠤᠰ ᠲᠦ᠋ᠷᠤ ᠶᠢᠨ ᠬᠠᠷᠢᠭᠤᠴᠠᠯᠭᠠᠳ᠋ᠤ ᠰᠡᠳᠬᠢᠯᠭᠡ᠂ ᠠᠷᠢᠭᠤᠨ ᠲᠠᠷᠬᠠᠨ ᠡᠬᠦᠷᠭᠡ ᠬᠠᠷᠢᠭᠤᠴᠠᠯᠭᠠᠳ᠋ᠤ ᠰᠡᠳᠬᠢᠯᠭᠡ ᠪᠠᠷ ᠬᠦᠨᠳ᠋ᠤ ᠨᠠᠢ᠌ᠳ᠋ᠠᠯᠭ᠎ᠠ ᠶᠢ ᠬᠦᠰᠡᠷᠳ᠋ᠡᠬᠦᠯᠬᠦ ᠦᠭᠡᠶ ᠪᠠᠷ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠭᠡᠷᠡᠭ᠍ᠳ᠋ᠡᠢ᠃ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠤᠷᠳ᠋ᠤᠨ ᠤ ᠭᠤᠤᠯ ᠠᠵᠢᠯ ᠤᠨ ᠲᠤᠭᠤᠷᠢᠨ ᠳ᠋ᠥ᠂ ᠬᠠᠷᠠᠯᠳ᠋ᠠ ᠶᠢ ᠴᠢᠩᠭ᠎ᠠ ᠠᠩᠬᠠᠷᠴᠤ᠂ ᠪᠦᠬᠦ ᠬᠤᠰᠢᠭᠤᠨ ᠤ ᠠᠵᠤ ᠠᠬᠤᠢ ᠨᠡᠢ᠌ᠭᠡᠮ ᠤᠨ ᠴᠢᠨᠠᠷ ᠰᠠᠢ᠌ᠳ᠋ᠠᠢ ᠬᠦᠭ᠍ᠵᠢᠯᠳ᠋ᠠ ᠶᠢ ᠠᠬᠢᠭᠤᠯᠬᠤ ᠲᠤᠮᠳ᠋ᠠ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠲᠦ᠋ᠯᠤᠭᠡᠯᠡᠭ᠍ᠴᠢ ᠶᠢᠨ ᠬᠠᠷᠢᠭᠤᠴᠠᠯᠭ᠎ᠠ ᠡᠬᠦᠷᠭᠡᠯᠡᠯ ᠢ ᠢᠯᠡᠷᠡᠬᠦᠯᠵᠤ᠂ ᠵᠠᠷᠤᠤᠨ ᠬᠤᠰᠢᠭᠤᠨ ᠤ ᠠᠵᠤ ᠠᠬᠤᠢ ᠨᠡᠢ᠌ᠭᠡᠮ ᠤᠨ ᠬᠦᠭ᠍ᠵᠢᠯᠳ᠋ᠠ ᠶᠢᠨ ᠰᠢᠨ᠎ᠠ ᠵᠢᠷᠤᠭ ᠲᠦ᠋ᠰᠤᠪ ᠢ ᠬᠠᠮᠳ᠋ᠤ ᠪᠠᠷ ᠰᠦ᠋ᠪᠡᠭ᠍ᠴᠢᠯᠡᠬᠦ ᠪᠤᠯᠤᠨ᠎ᠠ᠃ (ᠳ᠋ᠠᠢ ᠰᠢᠶ‍ᠦ᠋ᠩ)

ᠡᠮᠦᠨᠡᠬᠢ᠄ ᠵᠠᠷᠤᠳ ᠬᠤᠰᠢᠭᠤᠨ ᠤ ᠠᠷᠪᠠᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠤᠷᠢᠨ ᠲᠤᠯᠤᠳ᠋ᠤᠭᠠᠷ ᠤᠳ᠋ᠠᠭᠠᠨ ᠤ ᠬᠤᠷᠠᠯ ᠬᠤᠷᠠᠯᠳ᠋ᠤᠪᠠ
ᠳᠠᠷᠠᠭᠠᠬᠢ᠄ ᠵᠠᠷᠤᠤᠨ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠩᠬᠠᠳ᠋ᠤᠭᠠᠷ ᠬᠤᠷᠠᠯᠳ᠋ᠤᠭᠠᠨ ᠤ ᠪᠡᠯᠡᠳᠭᠡᠯ ᠬᠤᠷᠠᠯ ᠬᠤᠷᠠᠯᠳ᠋ᠤᠪᠠ