ᠵᠠᠷᠤᠤᠨ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠠᠩᠬᠠᠳ᠋ᠤᠭᠠᠷ ᠬᠤᠷᠠᠯᠳ᠋ᠤᠭᠠᠨ ᠤ ᠪᠡᠯᠡᠳᠭᠡᠯ ᠬᠤᠷᠠᠯ ᠬᠤᠷᠠᠯᠳ᠋ᠤᠪᠠ

1 ᠰᠠᠷ᠎ᠠ ᠶᠢᠨ 6 ᠤ ᠡᠳ᠋ᠤᠷ ᠤᠨ ᠦᠳ᠋ᠡ ᠶᠢᠨ ᠬᠤᠢ᠌ᠨ᠎ᠠ᠂ ᠵᠠᠷᠤᠤᠨ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠠᠩᠬᠠᠳ᠋ᠤᠭᠠᠷ ᠬᠤᠷᠠᠯᠳ᠋ᠤᠭᠠᠨ ᠤ ᠪᠡᠯᠡᠳᠭᠡᠯ ᠬᠤᠷᠠᠯ ᠬᠤᠷᠠᠯᠳ᠋ᠤᠪᠠ᠃

ᠬᠤᠰᠢᠭᠤᠨ ᠤ ᠤᠳ᠋ᠤᠷᠢᠳ᠋ᠤᠯᠭ᠎ᠠ ᠱᠤᠤ ᠶᠠᠨ ᠵᠢᠶᠦ᠋ᠨ᠂ ᠡᠤ ᠴᠢᠩ ᠬᠠᠢ᠂ ᠪᠤᠤ ᠸᠸᠨ ᠯᠠᠨ᠂ ᠬᠦᠸᠸ ᠮᠢᠩ ᠴᠢᠶᠦ᠋ᠨ ᠲᠠᠷᠢᠬᠦᠯᠡᠭ᠍ᠴᠢ ᠶᠢᠨ ᠲᠠᠢ᠌ᠰᠠᠨ ᠳ᠋ᠥ ᠰᠠᠭᠤᠪᠠ᠃ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠤ ᠴᠢᠩ ᠬᠠᠢ ᠬᠤᠷᠠᠯ ᠡᠷᠬᠢᠯᠡᠪᠡ᠃

ᠬᠤᠷᠠᠯ ᠳ᠋ᠥ ᠤᠷᠤᠯᠴᠠᠬᠤ ᠶᠤᠰᠤᠳ᠋ᠠᠢ ᠲᠦ᠋ᠯᠤᠭᠡᠯᠡᠭ᠍ᠴᠢ199 ᠬᠦᠮᠤᠨ᠂ ᠪᠤᠳ᠋ᠠᠳ᠋ᠠᠢ ᠤᠷᠤᠯᠴᠠᠭᠰᠨᠨ ᠨᠢ194 ᠬᠦᠮᠤᠨ ᠪᠠᠢ᠌ᠵᠤ᠂ ᠬᠠᠤᠯᠢ ᠳ᠋ᠥ ᠲᠤᠭᠳ᠋ᠠᠭᠰᠨᠨ ᠬᠦᠮᠤᠨ ᠤ ᠲᠤᠭ᠎ᠠ ᠳ᠋ᠥ ᠨᠡᠢ᠌ᠴᠡᠨᠠ᠃ᠬᠤᠷᠠᠯ ᠳ᠋ᠥ ᠵᠠᠷᠤᠤᠨ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠠᠩᠬᠠᠳ᠋ᠤᠭᠠᠷ ᠬᠤᠷᠠᠯᠳ᠋ᠤᠭᠠᠨ ᠤ ᠲᠡᠷᠢᠬᠦᠯᠡᠭ᠍ᠴᠢᠳ ᠤᠨ ᠪᠦᠯᠬᠦᠮ ᠪᠠ ᠨᠠᠷᠢᠨ ᠪᠢᠴᠢᠭ᠌ ᠤᠨ ᠲᠠᠷᠤᠭ᠎ᠠ ᠶᠢ ᠰᠤᠩᠭ᠋ᠤᠨ ᠭᠠᠷᠭᠠᠪᠠ᠃ ᠵᠠᠷᠤᠤᠨ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠠᠩᠬᠠᠳ᠋ᠤᠭᠠᠷ ᠬᠤᠷᠠᠯᠳ᠋ᠤᠭᠠᠨ ᠤ ᠵᠦ᠋ᠪᠯᠡᠬᠦ ᠵᠤᠢ᠌ᠯ ᠢ ᠪᠠᠳ᠋ᠤᠯᠠᠪᠠ᠃ ᠵᠠᠷᠤᠤᠨ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠠᠩᠬᠠᠳ᠋ᠤᠭᠠᠷ ᠬᠤᠷᠠᠯᠳ᠋ᠤᠭᠠᠨ ᠤ ᠰᠠᠨᠠᠯ ᠲᠤᠷᠠᠳ᠋ᠤᠯᠭᠠ ᠶᠢ ᠬᠢᠨᠠᠨ ᠪᠠᠢ᠌ᠴᠠᠭᠠᠬᠤ ᠭᠡᠰᠢᠬᠦᠨ ᠪᠤᠯᠤᠨ ᠪᠦᠷᠢᠯᠳ᠋ᠤᠬᠦᠨ ᠤ ᠨᠡᠷᠡᠰ ᠢ ᠪᠠᠳ᠋ᠤᠯᠠᠪᠠ᠃ (ᠳ᠋ᠠᠢ ᠰᠢᠶᠦ᠋ᠩ)