ᠤᠳᠤ ᠶᠢᠨ ᠪᠠᠢ᠌ᠷᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ → ᠵᠠᠷᠤᠤᠨ ᠬᠤᠰᠢᠭᠤᠨ ᠤ ᠠᠷᠪᠠᠨ ᠲᠤᠯᠤᠳ᠋ᠤᠭᠠᠷ᠁
ᠵᠠᠷᠤᠤᠨ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠠᠩᠬᠠᠳ᠋ᠤᠭᠠᠷ ᠬᠤᠷᠠᠯᠳ᠋ᠤᠭᠠᠨ ᠤ ᠰᠠᠨᠠᠯ ᠵᠦ᠋ᠪᠯᠡᠯᠭᠡ ᠶᠢ ᠬᠢᠨᠠᠨ ᠪᠠᠢ᠌ᠴᠠᠭᠠᠬᠤ ᠬᠤᠷᠠᠯ ᠬᠤᠷᠠᠯᠳ᠋ᠤᠪᠠ

         

         1ᠰᠠᠷ᠎ᠠ ᠶᠢᠨ 8 ᠤ ᠦᠳ᠋ᠡ ᠶᠢᠨ ᠬᠤᠢ᠌ᠨ᠎ᠠ᠂ ᠵᠠᠷᠤᠤᠨ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠠᠩᠬᠠᠳ᠋ᠤᠭᠠᠷ ᠬᠤᠷᠠᠯᠳ᠋ᠤᠭᠠᠨ ᠤ ᠰᠠᠨᠠᠯ ᠵᠦ᠋ᠪᠯᠡᠯᠭᠡ ᠶᠢ ᠬᠢᠨᠠᠨ ᠪᠠᠢ᠌ᠴᠠᠭᠠᠬᠤ ᠬᠤᠷᠠᠯ ᠬᠤᠷᠠᠯᠳ᠋ᠤᠪᠠ᠃ ᠬᠤᠰᠢᠭᠤᠨ ᠤ ᠤᠳ᠋ᠤᠷᠢᠳ᠋ᠤᠯᠭ᠎ᠠ ᠪᠠᠳ᠋ᠤ᠂ ᠼᠦ᠋ᠢ ᠯᠸᠢ ᠯᠸᠢ ᠵᠢᠴᠢ ᠰᠠᠨᠠᠯ ᠵᠦ᠋ᠪᠯᠡᠯᠭᠡ ᠶᠢ ᠬᠢᠨᠠᠨ ᠪᠠᠢ᠌ᠴᠠᠭᠠᠬᠤ ᠵᠦ᠋ᠪᠯᠡᠯ ᠤᠨ ᠪᠦᠷᠢᠯᠳ᠋ᠤᠬᠦᠨ ᠭᠡᠰᠢᠬᠦᠨ ᠬᠤᠷᠠᠯ ᠳ᠋ᠥ ᠤᠷᠤᠯᠴᠠᠪᠠ᠃

        

        ᠬᠤᠷᠠᠯ ᠡᠴᠨ ᠬᠤᠷᠢᠶᠠᠨ ᠤᠯᠤᠭᠰᠨᠨ ᠰᠠᠨᠠᠯ ᠵᠦ᠋ᠪᠯᠡᠯᠭᠡ ᠪᠠ ᠰᠠᠨᠠᠭᠤᠯᠭ᠎ᠠ ᠶᠢ ᠬᠢᠨᠠᠨ ᠪᠠᠢ᠌ᠴᠠᠭᠠᠪᠡ᠃1 ᠰᠠᠷ᠎ᠠ ᠶᠢᠨ 8 ᠤ ᠡᠳ᠋ᠤᠷ ᠤᠨ ᠦᠳ᠋ᠡ ᠶᠢᠨ ᠡᠮᠤᠨᠡᠬᠢ10 ᠴᠠᠭ ᠪᠤᠯᠳ᠋ᠠᠯ᠎ᠠ᠂ ᠶᠡᠭᠡ ᠬᠤᠷᠠᠯ ᠤᠨ ᠨᠠᠷᠢᠨ ᠪᠢᠴᠢᠭ᠌ ᠤᠨ ᠭᠠᠵᠠᠷ ᠤᠨ ᠰᠠᠨᠠᠯ ᠵᠦ᠋ᠪᠯᠡᠯᠭᠡ ᠶᠢᠨ ᠲᠤᠭᠤᠢ᠌ᠯᠠᠩ ᠤᠨ ᠬᠢᠨ ᠨᠡᠢ᠌ᠳ᠋ᠠ107 ᠬᠤᠪᠢ ᠰᠠᠨᠠᠯ ᠵᠦ᠋ᠪᠯᠡᠯᠭᠡ ᠶᠢ ᠬᠦᠯᠢᠶᠠᠨ ᠠᠪᠤᠪᠠ᠃ ᠰᠠᠨᠠᠯ ᠵᠦ᠋ᠪᠯᠡᠯᠭᠡ ᠨᠢ ᠶᠡᠭᠡ ᠭᠡᠮᠵᠢᠶᠠᠨ ᠤ ᠪᠤᠳ᠋ᠠᠳ᠋ᠠᠢ ᠪᠠᠢ᠌ᠳ᠋ᠠᠯ ᠪᠠ ᠠᠰᠠᠭᠤᠳ᠋ᠠᠯ ᠢ ᠲᠤᠰᠬᠠᠵᠤ᠂ ᠨᠡᠯᠢᠶᠡᠳ ᠦᠨᠳ᠋ᠤᠷ ᠦᠨ᠎ᠠ ᠦᠷᠳ᠋ᠡᠭ᠌ ᠲᠡᠶ ᠰᠠᠨᠠᠯ ᠵᠦ᠋ᠪᠯᠡᠯᠭᠡ ᠲᠤᠷᠠᠳᠴᠤ᠂ ᠠᠭᠤᠯᠭ᠎ᠠ ᠨᠢ ᠬᠤᠳ᠋ᠠ ᠶᠢᠨ ᠪᠦᠳ᠋ᠤᠭᠡᠨ ᠪᠠᠢ᠌ᠭᠤᠯᠤᠯᠳ᠋ᠠ ᠶᠢᠨ ᠬᠠᠮᠢᠷᠤᠯᠳ᠋ᠠ᠂ ᠤᠷᠴᠢᠨ ᠲᠤᠭᠤᠷᠢᠨ ᠤ ᠬᠠᠮᠠᠭᠠᠯᠠᠯᠳ᠋ᠠ᠂ ᠤᠯᠤᠰ ᠤᠨ ᠭᠠᠵᠠᠷ ᠰᠢᠷᠤᠢ᠂ ᠬᠦᠭ᠍ᠵᠢᠬᠦᠯᠤᠯᠳ᠋ᠠ ᠦᠭᠡᠷᠡᠴᠢᠯᠡᠯᠳ᠋ᠠ᠂ ᠲᠠᠷᠢᠶᠠᠯᠠᠩ ᠮᠠᠯ ᠠᠵᠤ ᠠᠬᠤᠢ᠂ ᠤᠤᠭᠤᠬᠤ ᠤᠰᠤ᠂ ᠶᠠᠳ᠋ᠠᠭᠤ ᠶᠢ ᠲᠠᠳᠬᠦᠵᠤ ᠨᠡᠭᠡᠭᠡᠨ ᠬᠦᠭ᠍ᠵᠢᠬᠦᠯᠬᠦ᠂ ᠰᠢᠨᠵᠢᠯᠡᠬᠦ ᠤᠬᠠᠭᠠᠨ ᠰᠤᠷᠭᠠᠨ ᠬᠦᠮᠤᠵᠢᠯ ᠰᠤᠶᠤᠯ ᠡᠷᠡᠬᠦᠯ ᠬᠠᠮᠠᠭᠠᠯᠠᠯ᠂ ᠡᠳ᠋ ᠤᠨ ᠵᠠᠰᠠᠭ ᠭᠠᠢ᠌ᠯᠢ ᠲᠠᠳ᠋ᠠᠪᠤᠷᠢ᠂ ᠮᠦ᠋ᠩᠬᠦᠨ ᠬᠦᠢᠯᠭᠡᠭᠡ᠂ ᠠᠷᠠᠳ ᠤᠨ ᠶᠠᠪᠤᠳ᠋ᠠᠯ᠂ ᠵᠠᠮ ᠬᠠᠷᠢᠯᠴᠠᠭ᠎ᠠ᠂ ᠴᠢᠮᠡᠭᠡ ᠬᠤᠯᠪᠤᠭ᠎ᠠ᠂ ᠴᠠᠬᠢᠯᠭᠠᠨ ᠬᠦᠴᠤᠨ᠂ ᠠᠷᠠᠯᠵᠢᠶ᠎ᠠ ᠬᠤᠳ᠋ᠠᠯᠳ᠋ᠤᠭ᠎ᠠ᠂ ᠵᠢᠭᠤᠯᠴᠢᠯᠠᠯ ᠵᠡᠷᠭᠡ ᠲᠠᠯ᠎ᠠ ᠳ᠋ᠥ ᠬᠤᠯᠪᠤᠭᠳ᠋ᠠᠵᠤ᠂ ᠵᠦ᠋ᠪᠯᠡᠯᠭᠡ ᠶᠢ ᠬᠢᠨᠠᠨ ᠪᠠᠢ᠌ᠴᠠᠭᠠᠬᠤ ᠵᠦ᠋ᠪᠯᠡᠯ ᠡᠴᠨ ᠬᠢᠨᠠᠨ ᠵᠦ᠋ᠪᠯᠡᠵᠤ ᠪᠠᠳ᠋ᠤᠯᠠᠭᠠᠳ᠂ ᠲᠠᠬᠦᠨ ᠤ ᠲᠤᠳ᠋ᠤᠷᠠᠬᠢ 24 ᠵᠤᠢ᠌ᠯ ᠤᠨ ᠵᠦ᠋ᠪᠯᠡᠯᠭᠡ ᠶᠢ ᠰᠠᠨᠠᠭᠤᠯᠭ᠎ᠠ ᠪᠤᠯᠭᠠᠨ᠂ ᠪᠤᠰᠤᠤᠨ 83 ᠵᠤᠢ᠌ᠯ ᠤᠨ ᠰᠠᠨᠠᠭᠤᠯᠭ᠎ᠠ ᠲᠡᠶ ᠬᠠᠮᠳ᠋ᠤ ᠳ᠋ᠤᠨᠢ ᠬᠠᠮᠢᠶ᠎ᠠ ᠪᠦᠬᠦᠢ ᠰᠠᠯᠠᠭ᠎ᠠ ᠮᠦ᠋ᠴᠢᠷ ᠲᠣ ᠲᠤᠰᠢᠶᠠᠨ ᠦᠭ᠍ᠴᠤ ᠰᠢ᠌ᠳᠪᠤᠷᠢᠯᠡᠬᠦᠯᠬᠦ ᠪᠠᠷ ᠲᠤᠭᠳ᠋ᠠᠪᠠ᠃ (ᠳ᠋ᠠᠢ ᠰᠢᠶ‍ᠦ᠋ᠩ)

ᠡᠮᠦᠨᠡᠬᠢ᠄ ᠵᠠᠷᠤᠤᠨ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠠᠩᠬᠠᠳ᠋ᠤᠭᠠᠷ ᠬᠤᠷᠠᠯᠳ᠋ᠤᠭᠠᠨ ᠤ ᠭᠤᠷᠪᠠᠳ᠋ᠤᠭᠠᠷ ᠪᠦᠬᠦᠳ᠋ᠠ ᠬᠤᠷᠠᠯ ᠬᠤᠷᠠᠯᠳ᠋ᠤᠪᠠ
ᠳᠠᠷᠠᠭᠠᠬᠢ᠄ ᠵᠠᠷᠤᠤᠨ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠠᠩᠬᠠᠳ᠋ᠤᠭᠠᠷ ᠬᠤᠷᠠᠯᠳ᠋ᠤᠭᠠᠨ ᠲᠠᠬᠦᠰ ᠠᠮᠵᠢᠯᠳ᠋ᠠ ᠲᠡᠶ ᠦᠨᠳ᠋ᠤᠷᠯᠡᠪᠡ