ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠨᠠᠮ ᠤᠨ ᠲᠠᠤᠭᠡ ᠶᠢᠨ ᠰᠤᠷᠤᠯᠴᠠᠯᠭ᠎ᠠ ᠬᠦᠮᠤᠵᠢᠯ ᠤᠨ ᠲᠤᠰᠬᠠᠢ ᠰᠡᠳ᠋ᠤᠪᠳ᠋ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠬᠤᠷᠠᠯᠳ᠋ᠤᠭᠤᠯᠪᠠ

1 ᠰᠠᠷ᠎ᠠ ᠶᠢᠨ 24 ᠤ ᠡᠳ᠋ᠤᠷ ᠤᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠨᠠᠮ ᠤᠨ ᠲᠠᠤᠭᠡ ᠶᠢᠨ ᠰᠤᠷᠤᠯᠴᠠᠯᠭ᠎ᠠ ᠬᠦᠮᠤᠵᠢᠯ ᠤᠨ ᠲᠤᠰᠬᠠᠢ ᠰᠡᠳ᠋ᠤᠪᠳ᠋ᠤ ᠠᠷᠠᠳᠴᠢᠯᠠᠯ ᠊ᠤᠨ ᠠᠮᠢᠳ᠋ᠤᠷᠠᠯ ᠤᠨ ᠬᠤᠷᠠᠯ ᠬᠤᠷᠠᠯᠳ᠋ᠤᠭᠤᠯᠪᠠ᠃

ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠬᠦᠸᠸ ᠬᠤᠷᠠᠯ ᠡᠷᠬᠢᠯᠡᠵᠤ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠲᠠᠤᠭᠡ ᠶᠢᠨ ᠰᠤᠷᠤᠯᠴᠠᠯᠭ᠎ᠠ ᠬᠦᠮᠤᠵᠢᠯ ᠤᠨ ᠨᠢᠭᠡᠳ᠋ᠤᠭᠡᠷ ᠲᠤᠭᠤᠷᠢᠨ ᠪᠠᠢ᠌ᠴᠠᠭᠠᠵᠤ ᠵᠢᠯᠤᠭᠤᠳᠬᠤ ᠲᠤᠭᠤᠢ᠌ᠯᠠᠩ ᠤᠨ ᠲᠠᠷᠤᠭ᠎ᠠ ᠹᠸᠩ ᠪᠦᠸᠸ ᠨᠡᠷ ᠬᠤᠷᠠᠯ ᠳ᠋ᠥ ᠤᠷᠤᠯᠴᠠᠨ ᠵᠢᠯᠤᠭᠤᠳᠪᠠ᠃ᠬᠤᠷᠠᠯ ᠶᠢᠡᠷ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ 2020 ᠤᠨ ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠤᠨ ᠴᠡᠭ᠍ᠴᠡᠯᠡᠨ ᠵᠠᠰᠠᠬᠤ ᠠᠷᠭ᠎ᠠ ᠠᠪᠴᠠᠯ ᠤᠨ ᠨᠠᠢ᠌ᠳ᠋ᠠᠪᠤᠷᠢᠵᠢᠭᠤᠯᠤᠯᠳ᠋ᠠ ᠶᠢᠨ ᠪᠠᠢ᠌ᠳ᠋ᠠᠯ᠂ ᠲᠤᠭᠤᠷᠢᠨ ᠪᠠᠢ᠌ᠴᠠᠭᠠᠭᠰᠨᠨ ᠴᠡᠭ᠍ᠴᠡᠯᠡᠨ ᠵᠠᠰᠠᠬᠤ ᠲᠤᠰᠬᠠᠢ ᠰᠡᠳ᠋ᠤᠪᠳ᠋ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ᠂ ᠭᠡᠷᠡᠭ᠌ ᠶᠢᠡᠷ ᠦᠭᠡᠷᠡᠴᠢᠯᠡᠯᠳ᠋ᠠ ᠶᠢ ᠠᠬᠢᠭᠤᠯᠬᠤ ᠲᠤᠰᠬᠠᠢ ᠰᠡᠳ᠋ᠤᠪᠳ᠋ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠤᠨ ᠴᠡᠭ᠍ᠴᠡᠯᠡᠨ ᠵᠠᠰᠠᠬᠤ ᠠᠷᠭ᠎ᠠ ᠠᠪᠴᠠᠯ ᠤᠨ ᠨᠠᠢ᠌ᠳ᠋ᠠᠪᠤᠷᠢᠵᠢᠭᠤᠯᠤᠯᠳ᠋ᠠ ᠶᠢᠨ ᠪᠠᠢ᠌ᠳ᠋ᠠᠯ ᠪᠠ ᠲᠤᠰ ᠤᠳ᠋ᠠᠭᠠᠨ ᠤ ᠲᠤᠰᠬᠠᠢ ᠰᠡᠳ᠋ᠤᠪᠳ᠋ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠤᠨ ᠰᠠᠨᠠᠯ ᠬᠤᠷᠢᠶᠠᠭᠰᠨᠨ ᠪᠠᠢ᠌ᠳ᠋ᠠᠯ ᠢ ᠨᠡᠪᠳ᠋ᠡᠷᠡᠭᠡᠪᠡ᠃ᠬᠤᠷᠠᠯ ᠲᠠᠭᠡᠷ᠎ᠠ᠂ ᠯᠢ ᠴᠸᠩ ᠬᠦᠸᠸ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠤᠳ᠋ᠤᠷᠢᠳᠬᠤ ᠪᠠᠭ ᠢ ᠲᠦ᠋ᠯᠤᠭᠡᠯᠡᠨ ᠬᠠᠷᠭᠤᠭᠤᠯᠤᠭᠰᠨᠨ ᠪᠠᠢ᠌ᠴᠠᠭᠠᠯᠳ᠋ᠠ ᠶᠢᠨ ᠮᠡᠳ᠋ᠡᠬᠦᠯᠤᠯᠳ᠋ᠠ ᠬᠢᠵᠤ᠂ ᠪᠠᠭ ᠤᠨ ᠪᠦᠷᠢᠯᠳ᠋ᠤᠬᠦᠨ ᠭᠡᠰᠢᠬᠦᠨ ᠲᠠᠷᠠᠭᠠᠯᠠᠨ ᠬᠠᠷᠭᠤᠭᠤᠯᠤᠭᠰᠨᠨ ᠪᠠᠢ᠌ᠴᠠᠭᠠᠯᠳ᠋ᠠ ᠬᠢᠬᠦ ᠶᠢᠨ ᠬᠠᠮᠳ᠋ᠤ᠂ ᠰᠢᠬᠦᠮᠵᠢᠯᠡᠯ ᠪᠠ ᠦᠪᠡᠷ ᠤᠨ ᠰᠢᠬᠦᠮᠵᠢᠯᠠᠯ ᠬᠢᠪᠡ᠃

ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠲᠠᠤᠭᠡ ᠶᠢᠨ ᠰᠤᠷᠤᠯᠴᠠᠯᠭ᠎ᠠ ᠬᠦᠮᠤᠵᠢᠯ ᠤᠨ ᠨᠢᠭᠡᠳ᠋ᠤᠭᠡᠷ ᠲᠤᠭᠤᠷᠢᠨ ᠪᠠᠢ᠌ᠴᠠᠭᠠᠬᠤ ᠲᠤᠭᠤᠢ᠌ᠯᠠᠩ ᠤᠨ ᠵᠢᠯᠤᠭᠤᠳᠬᠤ ᠨᠦ᠋ᠬᠦᠤᠨ ᠡᠴᠨ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠨᠠᠮ ᠤᠨ ᠲᠠᠤᠭᠡ ᠶᠢᠨ ᠰᠤᠷᠤᠯᠴᠠᠯᠭ᠎ᠠ ᠬᠦᠮᠤᠵᠢᠯ ᠤᠨ ᠲᠤᠰᠬᠠᠢ ᠰᠡᠳ᠋ᠤᠪᠳ᠋ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠳ᠋ᠥ ᠦᠨᠡᠯᠡᠯᠳ᠋ᠠ ᠬᠢᠪᠡ᠃ᠬᠤᠷᠠᠯ ᠡᠴᠨ᠂ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠪᠠᠭ ᠲᠤᠰ ᠤᠳ᠋ᠠᠭᠠᠨ ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠶᠢᠡᠷ ᠲᠤᠬᠢᠶᠠᠯ ᠪᠤᠯᠭᠠᠨ᠂ ᠰᠢ ᠵᠢᠨ ᠫᠢᠩ ᠶᠡᠷᠤᠩᠭᠡᠢ ᠱᠦ᠋ᠵᠢ ᠶᠢᠨ ᠲᠦ᠋ᠪ ᠬᠤᠷᠢᠶᠠᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠴᠢᠬᠤᠯᠨ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠢ᠌ᠳ᠋ᠠᠪᠤᠷᠢᠵᠢᠭᠤᠯᠵᠤ᠂ ᠠᠰᠠᠭᠤᠳ᠋ᠠᠯ ᠢ ᠴᠡᠭ᠍ᠴᠡᠯᠡᠨ ᠵᠠᠰᠠᠬᠤ ᠶᠢ ᠨᠠᠮ ᠤᠨ ᠪᠠᠢ᠌ᠭᠤᠯᠤᠯᠳ᠋ᠠ ᠪᠠ ᠤᠪᠤᠷ ᠰᠤᠷᠳ᠋ᠠᠯ ᠤᠨ ᠪᠠᠢ᠌ᠭᠤᠯᠤᠯᠳ᠋ᠠ ᠵᠡᠷᠭᠡ ᠭᠤᠤᠯᠳ᠋ᠠᠯᠭ᠎ᠠ ᠲᠡᠶ ᠠᠵᠢᠯ ᠲᠡᠶ ᠤᠶᠠᠯᠳ᠋ᠤᠭᠤᠯᠤᠨ᠂ ᠡᠳ᠋ᠤᠷ ᠲᠤᠳ᠋ᠤᠮ ᠤᠨ ᠠᠵᠢᠯ ᠳ᠋ᠥ ᠲᠤᠭᠤᠰᠢᠯᠠᠭᠤᠯᠵᠤ᠂ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠬᠤᠪᠢ ᠪᠠᠶ᠎ᠠ ᠶᠢᠨ ᠪᠠᠢ᠌ᠭᠤᠯᠤᠯᠳ᠋ᠠ ᠶᠢ ᠦᠨᠡᠨᠬᠦ ᠰᠠᠢ᠌ᠳ᠋ᠤᠷ ᠠᠳᠬᠤᠨ᠂ ᠪᠠᠢ᠌ᠭᠤᠯᠭ᠎ᠠ ᠶᠢᠨ ᠡᠯ᠎ᠠ ᠵᠤᠢ᠌ᠯ ᠤᠨ ᠠᠵᠢᠯ ᠤᠨ ᠢᠮᠠᠭᠳ᠋ᠠ ᠵᠦ᠋ᠪ ᠴᠢᠭᠯᠡᠯ ᠶᠢᠡᠷ ᠤᠷᠤᠭᠰᠢᠯᠠᠬᠤ ᠶᠢ ᠪᠠᠳ᠋ᠤᠯᠠᠬᠤ ᠭᠡᠷᠡᠭ᠍ᠳ᠋ᠡᠢ ᠭᠡᠵᠤ ᠴᠢᠬᠤᠯᠠᠴᠢᠯᠠᠵᠠᠢ᠃ (ᠳ᠋ᠠᠢ ᠰᠢᠶᠦ᠋ᠩ)